3 ᠳ᠋ᠤᠭᠠᠷ ᠰᠠᠷ᠎ᠠ ᠶᠢᠨ 22 ᠤᠨ ᠡᠳᠦᠷ ᠠᠴᠠ 3 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ ︽ | ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠂ 4 ᠳ᠋ᠤᠭᠡᠷ ᠰᠠᠷ᠎ᠠ ᠶᠢᠨ 1 ᠤ ᠡᠳᠦᠷ ᠤᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ | ᠬᠡᠷᠡᠭᠵᠢᠭᠦᠯᠦᠭᠰᠡᠨ ᠬᠤᠶᠠᠷ ᠵᠢᠯ ᠤᠨ ᠣᠶ ᠪᠣᠯᠬᠤ ᠵᠠᠯᠠᠭᠤᠴᠤᠳ ᠪᠠᠭᠠᠴᠤᠳ ᠤᠨ ᠤᠰᠤ ᠠᠷᠪᠢᠯᠠᠬᠤ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢᠨ | ᠲᠥᠯᠥᠭᠡ ᠂ 3 ᠳ᠋ᠤᠭᠠᠷ ᠰᠠᠷ᠎ᠠ ᠶᠢᠨ 25 ᠤ ᠡᠳᠦᠷ᠂ ᠲᠣᠭᠲᠠᠬᠤ ᠰᠢᠶᠠᠨ ᠤ ᠰᠢᠭᠦᠬᠦ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ᠂ ᠲᠣᠭᠲᠠᠬᠤ | ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠰᠤᠷᠭᠠᠭᠤᠯᠢ ᠳᠤ ᠬᠦᠷᠴᠦ᠂ | ᠪᠠᠭᠰᠢ ᠰᠤᠷᠤᠭᠴᠢᠳ ᠲᠤ ᠠᠮᠢᠳᠤᠯᠢᠭ ︽︿ᠬᠠᠤᠯᠢ ᠪᠠᠷ ᠠᠮᠢ ᠠᠬᠤᠢ ᠶᠢ ᠬᠠᠮᠠᠭᠠᠯᠠᠬᠤ﹀ ᠠᠭᠤᠯᠠ ᠤᠰᠤ ᠣᠶ | ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠰᠢᠷᠢᠰ ᠬᠢᠴᠢᠶᠡᠯ ︾ | ᠤᠷᠤᠵᠦ᠂ ᠪᠠᠭᠠᠴᠤᠳ ᠤᠨ ᠰᠡᠳᠬᠢᠯ ᠳᠤ ᠬᠠᠳᠤᠨᠭᠤᠣᠯ ᠢ ᠰᠠᠬᠢᠨ ᠬᠠᠮᠠᠭᠠᠯᠠᠬᠤ ᠬᠠᠤᠯᠢ ᠪᠠᠷ ᠵᠠᠰᠠᠬᠤ ᠦᠷ᠎ᠡ ᠶᠢ | ᠰᠠᠴᠤᠪᠠ᠃ ᠲᠠᠶᠢᠯᠤᠮᠵᠢ ᠶᠢᠨ ᠠᠬᠤᠢ ᠲᠠᠯᠠᠪᠠᠶ ᠳᠤ᠂ ᠪᠠᠭᠰᠢ ᠰᠤᠷᠤᠭᠴᠢᠳ ᠬᠠᠮᠲᠤ ᠪᠠᠷ CCTV-12 ︽ | ᠬᠠᠤᠯᠢ ᠪᠠᠷ ᠵᠠᠰᠠᠬᠤ ᠭᠦᠨ ᠬᠡᠮᠵᠢᠶ᠎ᠡ︾ ᠪᠤᠯᠤᠩ ᠳᠤ ᠮᠡᠳᠡᠭᠡᠯᠡᠭᠰᠡᠨ ᠲᠣᠭᠲᠠᠬᠤ ᠰᠢᠶᠠᠨ ᠤ ᠠᠷᠠᠳ ᠤᠨ ᠰᠢᠭᠦᠬᠦ | ᠬᠤᠷᠢᠶᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ︽ | ᠬᠠᠤᠯᠢ ᠶᠣᠰᠣᠭᠠᠷ ᠤᠰᠤ ᠶᠢ ᠵᠠᠰᠠᠵᠤ ᠬᠠᠲᠤᠨ ᠭᠤᠣᠯ ᠢ ᠬᠠᠮᠲᠤ ᠪᠠᠷ ᠬᠠᠮᠠᠭᠠᠯᠠᠶ᠎ᠠ︾ ᠭᠡᠬᠦ ᠫᠷᠣᠭ᠍ᠷᠠᠮ ᠤᠨ | ᠬᠤᠶᠠᠳᠤᠭᠠᠷ ᠪᠦᠯᠦᠭ ︽ᠲᠠᠷᠢᠶᠠᠯᠠᠭ᠎ᠠ ᠶᠢ ᠰᠡᠷᠭᠦᠭᠡᠵᠦ ᠣᠶ ᠰᠢᠭᠤᠢ ᠶᠢ ᠰᠡᠷᠭᠦᠭᠡᠶ᠎ᠡ︾ ᠭᠡᠬᠦ ᠫᠷᠣᠭ᠍ᠷᠠᠮ ᠢ ᠦᠵᠡᠪᠡ᠃ | ᠬᠠᠤᠯᠢ ᠪᠠᠷ ᠵᠠᠰᠠᠬᠤ ᠳᠡᠳ᠋ ᠵᠠᠬᠢᠷᠤᠯ ᠰᠢᠭᠦᠬᠦ ᠬᠤᠷᠢᠶᠠᠨ ᠤ ᠠᠵᠢᠯ ᠵᠢᠴᠢ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠰᠤᠷᠤᠭᠴᠢᠳ ᠲᠤ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢᠨ ᠬᠠᠤᠯᠢ | ᠲᠣᠭᠲᠠᠭᠠᠯᠲᠠ ᠶᠢᠨ ᠠᠴᠢ ᠬᠤᠯᠪᠣᠭᠳᠠᠯ᠂ ᠭᠤᠣᠯ ᠠᠭᠤᠯᠭ᠎ᠠ ᠪᠠ ᠴᠠᠭᠠᠵᠠᠯᠠᠬᠤ ᠦᠶᠯᠡ ᠠᠵᠢᠯᠯᠠᠭ᠎ᠠ᠂ ᠤᠰᠤᠨ ᠤ | ᠡᠬᠢ ᠪᠠᠶᠠᠯᠢᠭ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ | ᠲᠠᠶᠢᠯᠪᠤᠷᠢᠯᠠᠨ ᠥᠭᠴᠦ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠤᠭᠰᠠᠨ᠂ ᠤᠰᠤᠨ ᠤ ᠡᠬᠢ ᠪᠠᠶᠠᠯᠢᠭ ᠢ | ᠡᠪᠳᠡᠭᠰᠡᠨ ᠵᠡᠷᠭᠡ ᠦᠶᠯᠡ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ ᠲᠠᠶᠢᠯᠪᠤᠷᠢᠯᠠᠨ ᠥᠭᠴᠦ ᠪᠠᠶᠢᠨ᠎ᠠ | ᠃ | | | | | | | | | ︽ᠬᠠᠲᠤᠨ ᠭᠤᠣᠯ ᠤᠨ ᠬᠠᠮᠠᠭᠠᠯᠠᠯᠲᠠ ᠳᠤ ᠳᠡᠷᠭᠡᠳᠡᠬᠢ ᠪᠠᠭ᠎ᠠ ᠶᠠᠪᠤᠳᠠᠯ ᠢᠶᠠᠷ ᠬᠡᠷᠬᠢᠨ ᠣᠷᠣᠯᠴᠠᠬᠤ ᠪᠤᠶ︖ | ︾ ᠬᠠᠷᠢᠯᠴᠠᠨ ᠠᠰᠠᠭᠤᠯᠲᠠ ᠬᠠᠷᠢᠭᠤᠯᠬᠤ ᠪᠠᠷ ᠳᠠᠮᠵᠢᠭᠤᠯᠤᠨ᠂ ᠬᠡᠦᠬᠡᠳ ᠤᠳ ᠢ ᠬᠥᠲᠥᠯᠥᠨ ᠵᠢᠯᠤᠭᠤᠳᠴᠤ | ᠪᠠᠶᠢᠭᠠᠳ ︽ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠣᠯ | ᠬᠥᠮᠥᠨ ᠨᠢᠭᠡᠪᠦᠷᠢ ᠶᠢᠨ ᠬᠠᠷᠢᠭᠤᠴᠠᠯᠭ᠎ᠠ ᠮᠥᠨ︾ ᠭᠡᠬᠦ ᠣᠶᠢᠯᠠᠭᠠᠭᠳᠠᠬᠤᠨ ᠢ ᠪᠣᠶ ᠪᠣᠯᠭᠠᠬᠤ ᠶᠢᠨ ᠬᠠᠮᠲᠤ ᠪᠥᠬᠦ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠣᠷᠴᠢᠨ ᠠᠬᠤᠢ ᠶᠢ ᠬᠠᠶᠢᠷᠠᠯᠠᠨ ᠬᠠᠮᠠᠭᠠᠯᠠᠬᠤ ᠶᠢ ᠰᠠᠨᠠᠭᠠᠴᠢᠯᠠᠵᠤ᠂ | ᠤᠰᠤᠨ ᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ | ᠬᠠᠳᠠᠩᠰᠢᠭᠤᠯᠪᠠ᠃ ᠲᠤᠭᠳᠠᠬᠤ ᠰᠢᠶᠠᠨ ᠤ ᠰᠢᠭᠦᠬᠦ ᠬᠤᠷᠢᠶ᠎ᠠ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ︽ᠰᠢᠭᠦᠬᠦ ᠬᠤᠷᠢᠶ᠎ᠠ + ᠰᠤᠷᠭᠠᠭᠤᠯᠢ︾ ᠶᠢᠨ ᠬᠤᠯᠪᠤᠭᠠᠯᠠᠨ ᠬᠥᠳᠡᠯᠦᠯᠴᠡᠬᠦ ᠵᠠᠭᠪᠤᠷ ᠢᠶᠠᠷ | ᠬᠠᠤᠯᠢᠵᠢᠯ ᠤᠨ ᠬᠥᠮᠦᠵᠢᠯ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢ ᠵᠡᠷᠭᠡᠪᠡᠷ ᠠᠬᠢᠭᠤᠯᠬᠤ ᠶᠢ ᠠᠬᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ | ᠵᠠᠯᠠᠭᠤ ᠨᠠᠰᠤᠨ ᠤ ᠬᠦᠴᠦᠨ ᠴᠢᠳᠠᠯ ᠢ ᠨᠡᠮᠡᠷᠢᠯᠡᠨ᠎ᠡ︕ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |