ᠲᠣᠭᠲᠠᠬᠤ ᠴᠠᠬᠢᠯᠭᠠᠨ ᠬᠠᠩᠭᠠᠬᠤ ᠺᠤᠮᠫᠠᠨᠢ᠄ ︽ᠬᠠᠪᠤᠷ ᠤᠨ ᠪᠠᠶᠢᠴᠠᠭᠠᠯᠲᠠ︾  ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2025/3/28
      2025 ᠣᠨ ᠤ ᠬᠠᠪᠤᠷ ᠤᠨ ᠤᠯᠠᠷᠢᠯ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠷᠢᠯ ᠤᠨ ᠴᠢᠨᠠᠷᠲᠠᠢ ᠠᠮᠤᠷ ᠲᠦᠪᠰᠢᠨ ᠤ ᠬᠡᠷᠡᠭ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠬᠥᠮᠥᠨ ᠤ ᠪᠡᠶ᠎ᠡ᠂ ᠲᠥᠬᠦᠭᠡᠷᠦᠮᠵᠢ ᠪᠠ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠥᠬᠡᠬᠤᠲᠠ ᠶᠢᠨ ᠲᠣᠭᠲᠠᠬᠤ ᠴᠠᠬᠢᠯᠭᠠᠨ ᠬᠠᠩᠭᠠᠬᠤ ᠺᠣᠮᠫᠠᠨᠢ ᠶᠢᠨ ᠲᠣᠬᠢᠷᠠᠭᠤᠯᠤᠯ ᠡᠵᠡᠮᠳᠡᠯ ᠤᠨ ᠠᠩᠭᠢ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂  ᠨᠠᠷᠢᠨ ᠨᠢᠮᠪᠠᠢ ᠪᠡᠯᠡᠳᠬᠡᠵᠦ᠂ ᠤᠷᠢᠳᠴᠢᠯᠠᠨ ᠪᠠᠶᠢᠷᠢᠯᠠᠭᠤᠯᠪᠠ᠂ ᠨᠢᠭᠡ ᠳᠤ᠂ ᠴᠠᠬᠢᠯᠭᠠᠨ ᠤ ᠲᠣᠣᠷ ᠤᠨ ᠲᠣᠬᠢᠷᠠᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠶᠢᠴᠠᠭᠠᠨ ᠵᠠᠰᠠᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠬᠠᠪᠤᠷ ᠤᠨ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠴᠠᠬᠢᠯᠭᠠᠨ ᠬᠦᠷᠭᠡᠬᠦ ᠶᠢ ᠵᠣᠭᠰᠣᠭᠠᠵᠤ ᠴᠠᠬᠢᠯᠭᠠᠨ ᠬᠠᠭᠠᠯᠲᠠ ᠶᠢ ᠤᠬᠤᠷᠢᠭᠤᠯᠬᠤ ᠠᠵᠢᠯᠯᠠᠭ᠎ᠠ ᠶᠢ ᠰᠠᠶᠢᠲᠤᠷ ᠬᠢᠵᠦ᠂ ᠬᠥᠮᠥᠨ ᠤ ᠪᠡᠶ᠎ᠡ᠂ ᠴᠠᠬᠢᠯᠭᠠᠨ ᠲᠣᠣᠷ᠂ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠵᠤ᠂ ᠬᠠᠭᠠᠯᠲᠠ ᠶᠢ ᠤᠬᠤᠷᠢᠭᠤᠯᠬᠤ ᠠᠵᠢᠯᠯᠠᠭ᠎ᠠ ᠶᠢ ᠴᠢᠩᠭᠠᠳᠬᠠᠨ᠂ ᠡᠯ᠎ᠡ ᠲᠥᠷᠥᠯ ᠤᠨ ᠠᠳᠡᠭᠦᠦ ᠪᠠᠷ ᠠᠵᠢᠯᠯᠠᠭᠤᠯᠬᠤ ᠠᠳᠡᠯ ᠢ ᠲᠠᠰᠤ ᠬᠤᠷᠢᠭᠯᠠᠵᠤ᠂ ᠴᠠᠬᠢᠯᠭᠠᠨ ᠲᠣᠣᠷ ᠤᠨ ᠲᠥᠬᠦᠭᠡᠷᠦᠮᠵᠢ ᠶᠢᠨ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠠᠵᠢᠯᠯᠠᠭᠠᠨ ᠢ ᠪᠠᠳᠤᠯᠠᠪᠠ᠃ ᠬᠤᠶᠠᠷ ᠲᠤ᠂ ᠬᠠᠷᠢᠶ᠎ᠠ ᠤᠷᠤᠨ ᠤ ᠲᠤᠳᠤᠷᠠᠬᠢ ︽ᠲᠣᠭᠤᠷᠢᠨ ᠪᠠᠶᠢᠴᠠᠭᠠᠬᠤ  ᠶᠤᠰᠤᠳᠠᠢ ᠶᠢ ᠵᠠᠪᠠᠯ ᠲᠣᠭᠤᠷᠢᠨ ᠪᠠᠶᠢᠴᠠᠭᠠᠵᠤ᠂ ᠵᠠᠰᠠᠬᠤ ᠶᠤᠰᠤᠳᠠᠢ ᠶᠢ ᠵᠠᠪᠠᠯ ᠵᠠᠰᠠᠬᠤ︾ ᠶᠢ ᠦᠨᠡᠨᠬᠦ ᠪᠡᠶᠡᠯᠡᠭᠦᠯᠪᠡ᠃ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠢ ᠤᠷᠢᠳᠠᠪᠠᠷ ᠶᠠᠪᠤᠭᠳᠠᠭᠤᠯᠤᠨ᠎ᠠ᠃ ᠬᠠᠪᠤᠷ ᠤᠨ ᠪᠠᠶᠢᠴᠠᠭᠠᠯᠲᠠ ᠶᠢᠨ ᠶᠠᠪᠤᠴᠠ ᠳᠤ ᠬᠥᠮᠥᠨ ᠤ ᠪᠡᠶ᠎ᠡ ᠵᠢᠴᠢ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠬᠠᠪᠤᠷ ᠤᠨ ᠪᠠᠶᠢᠴᠠᠭᠠᠯᠲᠠ ᠶᠢᠨ ᠠᠵᠢᠯ ᠵᠢᠩᠬᠢᠨᠢ ᠪᠠᠷ ᠡᠬᠢᠯᠡᠬᠦ ᠠᠴᠠ ᠡᠮᠦᠨ᠎ᠡ᠂ ᠬᠥᠬᠡᠬᠤᠲᠠ ᠶᠢᠨ ᠲᠣᠭᠲᠠᠬᠤ ᠴᠠᠬᠢᠯᠭᠠᠨ ᠬᠠᠩᠭᠠᠬᠤ ᠺᠣᠮᠫᠠᠨᠢ ᠶᠢᠨ ᠲᠣᠬᠢᠷᠠᠭᠤᠯᠤᠨ ᠡᠵᠡᠮᠳᠡᠬᠦ ᠠᠩᠭᠢ ᠶᠢᠨ ᠬᠢᠨ ᠠᠮᠤᠷ ᠲᠦᠪᠰᠢᠨ ᠤ ᠳᠦᠷᠢᠮ ᠲᠣᠭᠲᠠᠭᠠᠯ ᠪᠠ ᠠᠵᠢᠯᠲᠠᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠶᠡᠷᠦᠩᠬᠡᠶᠢᠯᠡᠭᠰᠡᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠠᠪᠤᠷ ᠤᠨ ᠪᠠᠶᠢᠴᠠᠭᠠᠯᠲᠠ ᠶᠢᠨ ᠠᠮᠤᠷ ᠲᠦᠪᠰᠢᠨ ᠤ ᠳᠦᠷᠢᠮ ᠪᠠ ᠠᠵᠢᠯᠲᠠᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠰᠢᠯᠭᠠᠯᠲᠠ ᠳᠤ ᠴᠥᠮ ᠬᠢᠷᠢ ᠲᠡᠩᠴᠡᠪᠡ᠃ ᠠᠮᠤᠷ ᠲᠦᠪᠰᠢᠨ ᠤ ᠳᠦᠷᠢᠮ ᠵᠢᠴᠢ ᠡᠯ᠎ᠡ ᠵᠦᠢᠯ ᠤᠨ ᠠᠮᠤᠷ ᠲᠦᠪᠰᠢᠨ ᠤ ᠳᠦᠷᠢᠮ ᠲᠣᠭᠲᠠᠭᠠᠯ ᠢ ᠰᠤᠷᠤᠯᠴᠠᠬᠤ ᠪᠠᠷ ᠳᠡᠮᠵᠢᠨ᠂ ᠪᠥᠬᠦ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1