ᠭᠦᠭᠡᠬᠤᠲᠠ ᠶᠢᠨ ᠮᠧᠲᠷᠤ᠋ ᠳᠤ ᠰᠢᠨ᠎ᠡ ᠲᠣᠭᠠᠴᠠᠭ᠎ᠠ ᠬᠢᠬᠦ ᠠᠷᠭ᠎ᠠ ᠨᠡᠮᠡᠪᠡ
ᠨᠡᠶᠢᠲᠡᠯᠡᠭᠰᠡᠨ ᠴᠠᠭ᠄
2025/3/28
      ᠭᠦᠭᠡᠬᠤᠲᠠ ᠶᠢᠨ ᠮᠧᠲᠷᠤ᠋ ᠶᠢᠨ ᠰᠢᠨ᠎ᠡ ᠪᠠᠷ ᠲᠣᠭᠠᠴᠠᠭ᠎ᠠ ᠬᠢᠬᠦ ᠠᠷᠭ᠎ᠠ - ᠵᠢᠷᠭᠢᠶ᠎ᠡ ᠶᠢᠨ ︽ᠬᠤᠲᠠ ᠶᠢᠨ ᠨᠡᠪᠲᠡᠷᠡᠯᠭᠡ︾ ᠤᠳᠠᠯ ᠦᠭᠡᠢ ᠰᠦᠯᠵᠢᠶᠡᠨ ᠳᠤ ᠭᠠᠷᠬᠤ ᠭᠡᠵᠦ ᠪᠠᠶᠢᠨ᠎ᠠ᠃
     3 ᠰᠠᠷ᠎ᠠ ᠶᠢᠨ 24 ᠤ ᠡᠳᠦᠷ ︽ᠭᠦᠭᠡᠬᠤᠲᠠ ᠶᠢᠨ ᠮᠧᠲᠷᠤ᠋︾ ᠶᠢᠨ ᠠᠯᠪᠠᠨ ᠵᠢᠷᠭᠢᠶ᠎ᠡ ᠮᠡᠳᠡᠭᠳᠡᠯ ᠨᠡᠶᠢᠲᠡᠯᠡᠵᠦ ᠲᠦᠷᠦᠭᠦᠦ ᠪᠦᠯᠦᠭ ᠪᠡᠶᠡᠴᠢᠯᠡᠨ ᠣᠶᠢᠯᠠᠭᠠᠬᠤ ᠠᠶᠠᠨᠴᠢᠳ ᠡᠯᠰᠡᠵᠦ᠂ ᠵᠢᠷᠭᠢᠶ᠎ᠡ ᠶᠢᠨ ︽ᠬᠤᠲᠠ ᠶᠢᠨ ᠨᠡᠪᠲᠡᠷᠡᠯᠭᠡ︾ ᠺᠣᠳ᠋ ᠢ ᠰᠢᠷᠪᠢᠵᠦ ᠲᠡᠷᠭᠡᠨ ᠳᠤ ᠰᠠᠭᠤᠬᠤ ᠠᠷᠭ᠎ᠠ ᠮᠠᠶ᠋ᠢᠭ ᠢ ᠪᠡᠶᠡᠴᠢᠯᠡᠨ ᠣᠶᠢᠯᠠᠭᠠᠭᠤᠯᠪᠠ ︵ᠬᠠᠮᠤᠭ ᠤᠨ ᠶᠡᠭᠡ ᠲᠥᠯᠥᠪᠦᠷᠢ ᠶᠢᠨ 7 ᠲᠥᠭᠦᠷᠢᠭ ᠤᠨ ᠮᠧᠲᠷᠤ᠋ ᠳᠤ ᠰᠠᠭᠤᠬᠤ ᠰᠠᠭᠤᠳᠬᠠᠯ ᠤᠨ ᠪᠢᠯᠧᠲ ᠬᠦᠷᠭᠡᠨ᠎ᠡ︶᠃ ᠪᠡᠶᠡᠴᠢᠯᠡᠨ ᠣᠶᠢᠯᠠᠭᠠᠬᠤ ᠴᠠᠭ ᠨᠢ 3 ᠰᠠᠷ᠎ᠠ ᠶᠢᠨ 26 ᠤ ᠡᠳᠦᠷ ᠤᠨ 10᠄ 00 - 3 ᠰᠠᠷ᠎ᠠ ᠶᠢᠨ 28 ᠤ ᠡᠳᠦᠷ ᠤᠨ 17᠄ 00 ᠭᠦᠷᠳᠡᠯ᠎ᠠ᠃      ᠴᠢᠳᠠᠮᠵᠢ ᠨᠢ ᠰᠦᠯᠵᠢᠶᠡᠨ ᠳᠤ ᠭᠠᠷᠤᠭᠰᠠᠨ ᠤ ᠳᠠᠷᠠᠭ᠎ᠠ᠂ ᠭᠦᠭᠡᠬᠤᠲᠠ ᠶᠢᠨ ᠮᠧᠲᠷᠤ᠋ ᠳᠤ ᠰᠠᠭᠤᠬᠤ ᠳᠤ ᠪᠢᠯᠧᠲ ᠬᠤᠳᠠᠯᠳᠤᠨ ᠠᠪᠬᠤ ᠴᠢᠬᠤᠯᠠ ᠦᠭᠡᠢ᠂ ᠰᠤᠯᠠ ᠵᠣᠭᠤᠰ ᠬᠡᠷᠡᠭᠰᠡᠬᠦ ᠦᠭᠡᠢ᠂ ᠮᠥᠷᠯᠡᠬᠦ ᠴᠢᠬᠤᠯᠠ ᠦᠭᠡᠢ ᠪᠤᠯᠬᠤ ᠶᠤᠮ︕      ᠵᠢᠷᠭᠢᠶ᠎ᠡ ᠪᠠᠨ ᠨᠡᠭᠡᠭᠡᠵᠦ ︽ᠬᠤᠲᠠ ᠶᠢᠨ ᠨᠡᠪᠲᠡᠷᠡᠯᠭᠡ︾ ᠺᠣᠳ᠋ ᠢ ᠰᠢᠷᠪᠢᠪᠡᠯ ᠳᠠᠷᠤᠢ ᠥᠷᠲᠡᠭᠡᠨ ᠳᠤ ᠣᠷᠣᠵᠤ ᠠᠶᠠᠯᠠᠵᠤ ᠪᠣᠯᠣᠨ᠎ᠠ︕      ᠢᠷᠡᠯᠲᠡ᠄ ᠭᠦᠭᠡᠬᠤᠲᠠ ᠶᠢᠨ ᠮᠧᠲᠷᠤ᠋ ᠵᠢᠷᠭᠢᠶ᠎ᠡ ᠶᠢᠨ ᠲᠠᠪᠴᠠᠩ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1