2025 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠪᠣᠯ ᠭᠤᠴᠢᠨ ᠭᠤᠷᠪᠠᠳᠤᠭᠠᠷ ᠬᠤᠭᠤᠴᠠᠭᠠᠨ ᠤ | ︽ᠳᠡᠯᠡᠬᠡᠢ ᠶᠢᠨ ᠤᠰᠤᠨ ᠡᠳᠦᠷ︾ ᠪᠣᠯᠣᠨ᠎ᠠ᠃ 3 ᠳ᠋ᠤᠭᠠᠷ ᠰᠠᠷ᠎ᠠ ᠶᠢᠨ 22 — 28 ᠤ ᠡᠳᠦᠷ ᠪᠣᠯ ᠭᠤᠴᠢᠨ | ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠂ ᠣᠯᠠᠨ ᠤᠯᠤᠰ ᠤᠨ | ᠬᠤᠯᠪᠣᠭᠠᠲᠤ ᠪᠠᠶᠢᠭᠤᠯᠤᠯᠭ᠎ᠠ ᠶᠢᠨ ᠡᠨᠡ ᠵᠢᠯ ᠤᠨ ︽ᠳᠡᠯᠡᠬᠡᠢ ᠶᠢᠨ ᠤᠰᠤᠨ ᠤ ᠡᠳᠦᠷ︾ ᠤᠨ ᠭᠤᠣᠯ ᠰᠡᠳᠦᠪ ᠨᠢ ︽ | ᠮᠥᠰᠥᠲᠦᠯᠭᠡ ᠶᠢᠨ ᠬᠠᠮᠠᠭᠠᠯᠠᠯᠲᠠ︾ ᠪᠣᠯᠣᠨ᠎ᠠ᠂ ᠤᠰᠤᠨ ᠠᠰᠢᠭᠯᠠᠯᠲᠠ ᠶᠢᠨ ᠶᠠᠮᠤᠨ ᠠᠴᠠ ᠡᠨᠡ ᠵᠢᠯ ᠤᠨ ︽ | ᠳᠤᠮᠳᠠᠳᠤ ᠤᠯᠤᠰ ᠤᠨ ᠤᠰᠤᠨ ᠤ ᠭᠠᠷᠠᠭ︾ ᠤᠨ ᠭᠤᠣᠯ ᠰᠡᠳᠦᠪ ᠨᠢ ︽ᠤᠰᠤᠨ ᠠᠰᠢᠭᠯᠠᠯᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠳᠤᠯᠠᠶ᠎ᠠ︾ | ᠂ ᠮᠠᠨ ᠤ ᠣᠷᠣᠨ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ | ᠭᠤᠣᠯ ᠰᠡᠳᠦᠪ ᠨᠢ ︽ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤᠨ ᠤ ᠠᠮᠤᠷ | ᠲᠦᠪᠰᠢᠨ ᠤ ᠪᠠᠲᠤ ᠪᠠᠲᠤᠯᠠᠭ᠎ᠠ ᠶᠢ ᠬᠠᠩᠭᠠᠶ᠎ᠠ︾ ᠪᠤᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ | ᠪᠣᠯᠣᠨ ᠰᠢ ᠶᠢᠨ ᠫᠢᠩ ᠤᠨ ᠤᠰᠤ ᠵᠠᠰᠠᠬᠤ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠨ ᠭᠤᠣᠯ ᠰᠢᠵᠢᠮ ᠢ ᠲᠤᠤᠱᠯᠠᠭᠤᠯᠤᠨ | ᠂ ᠲᠠᠪᠤᠨ ᠶᠡᠭᠡ ᠡᠭᠦᠷᠭᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ | ᠬᠠᠤᠯᠢ ᠲᠣᠭᠲᠠᠭᠠᠯ ᠶᠣᠰᠣᠭᠠᠷ ᠤᠰᠤ ᠲᠠᠲᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ᠂ ᠤᠰᠤ | ᠠᠷᠪᠢᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠶᠢ ᠵᠣᠷᠢᠭᠵᠢᠭᠤᠯᠤᠨ ᠬᠥᠲᠥᠯᠥᠨ | ᠵᠢᠯᠤᠭᠤᠳᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠲᠠᠢ | ᠬᠠᠮᠲᠤᠷᠠᠨ ᠲᠣᠭᠲᠠᠬᠤ ᠰᠢᠶᠠᠨ ᠤ ᠰᠣᠶᠣᠯ ᠤᠨ ᠲᠠᠯᠠᠪᠠᠶ ᠳᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ | ᠤᠯᠤᠰ ᠤᠨ ᠤᠰᠤᠨ ᠤ ᠭᠠᠷᠠᠭ︾ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ | ᠲᠤᠬᠠᠢ ᠶᠢᠨ ᠲᠠᠯᠠᠪᠠᠶ᠂ ᠣᠯᠠᠨ ᠢᠶᠠᠷ ᠢᠶᠠᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠣᠯᠣᠨ ᠣᠬᠤᠷ ᠸᠢᠳᠢᠤ᠋ | ᠵᠡᠷᠭᠡ ᠶᠢ ᠦᠵᠡᠵᠦ᠂ ᠲᠤᠭᠳᠠᠬᠤ ᠰᠢᠶᠠᠨ ᠤ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠵᠢᠴᠢ ᠡᠯ᠎ᠡ ᠨᠢᠭᠡᠴᠢ ᠶᠢᠨ | ᠠᠵᠢᠯᠲᠠᠳ ᠤᠬᠠᠭᠤᠯᠭ᠎ᠠ ᠶᠢᠨ ᠰᠠᠮᠪᠠᠷ᠎ᠠ᠂ ᠬᠥᠨᠳᠡᠯᠡᠨ ᠪᠢᠴᠢᠭᠡᠰᠦ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠤᠯᠠᠨ ᠲᠦᠮᠡᠨ ᠳᠤ | ᠤᠰᠤ ᠲᠠᠲᠠᠬᠤ᠂ ᠤᠰᠤ ᠬᠡᠷᠡᠭᠯᠡᠬᠦ᠂ ᠤᠰᠤ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠬᠦ ᠶᠢᠨ ᠬᠠᠮᠲᠤ ᠤᠰᠤᠨ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠂ ᠤᠰᠤᠨ ᠤ ᠡᠬᠢ ᠪᠠᠶᠠᠯᠢᠭ ᠢ ᠡᠪᠳᠡᠭᠰᠡᠨ ᠬᠠᠤᠯᠢ ᠴᠠᠭᠠᠵᠠ ᠶᠢᠨ ᠦᠷ᠎ᠡ ᠤᠷᠰᠢᠭ ᠢ ᠰᠡᠷᠡᠮᠵᠢᠯᠡᠭᠦᠯᠵᠦ᠂ ᠤᠯᠠᠨ | ᠲᠦᠮᠡᠨ ᠤ ᠤᠰᠤᠨ ᠤ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ | ᠰᠠᠨᠠᠭᠠᠴᠢᠯᠠᠪᠠ᠃ ᠤᠰᠤ ᠲᠦᠪᠰᠢᠨ ᠪᠣᠯᠪᠠᠰᠤ ᠤᠯᠤᠰ ᠬᠦᠷᠦᠨ ᠮᠠᠨᠳᠤᠵᠤ᠂ ᠤᠰᠤ ᠲᠦᠪᠰᠢᠨ ᠪᠣᠯᠪᠠᠰᠤ ᠠᠷᠠᠳ | ᠠᠮᠤᠭᠤᠯᠠᠩ ᠪᠣᠯᠣᠮᠤᠢ᠃ ᠢᠷᠡᠭᠡᠳᠦᠢ ᠳᠤ ᠲᠣᠭᠲᠠᠬᠤ ᠰᠢᠶᠠᠨ ᠤ ᠬᠢᠨ ᠰᠠᠶᠢᠨ ᠰᠡᠳᠬᠢᠴᠡ᠂ ᠰᠠᠶᠢᠨ ᠲᠤᠷᠰᠢᠯᠭ᠎ᠠ᠂ | ᠰᠠᠶᠢᠨ ᠠᠷᠭ᠎ᠠ ᠬᠡᠮᠵᠢᠶ᠎ᠡ ᠶᠢ ᠪᠣᠳᠠᠲᠠᠢ ᠠᠵᠢᠯ ᠤᠨ ᠳᠤᠮᠳᠠ ᠪᠠᠨ ᠣᠷᠣᠭᠤᠯᠤᠨ ᠬᠡᠷᠡᠭᠯᠡᠵᠦ᠂ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠣᠶᠢᠯᠠᠭᠠᠭᠳᠠᠬᠤᠨ ᠢ | ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠵᠦ᠂ ᠬᠠᠲᠤᠨ ᠭᠤᠣᠯ ᠤᠨ ︽几 ᠥᠰᠥᠭ ᠤᠨ ᠮᠤᠷᠤᠶᠢᠯᠲᠠ︾ | ᠶᠢᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠪᠠ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠩ ᠡᠷᠡᠰ | ᠭᠤᠶᠢᠪᠢᠰᠢ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠲᠤ ᠴᠢᠩᠭ᠎ᠠ ᠬᠠᠤᠯᠢ ᠪᠠᠷ ᠵᠠᠰᠠᠬᠤ | ᠬᠦᠴᠦᠨ ᠢᠶᠠᠷ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠬᠠᠮᠠᠭᠠᠯᠠᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |