3 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠠᠷᠪᠠᠨ | ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ | ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠡᠳ᠋ ᠱᠦᠵᠢ ᠸᠠᠩ ᠵᠢᠶᠠ ᠨᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠶᠠᠨ ᠤ | ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠦ᠋ ᠹᠦ᠋ | ᠵᠥᠩ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠡᠷᠬᠡ | ᠣᠯᠭᠤᠯᠲᠠ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠢ ᠲᠣᠭᠲᠠᠭᠠᠯ ᠢ ᠨᠡᠶᠢᠲᠡᠯᠡᠵᠡᠢ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠨᠠᠮ ᠤᠨ ᠳᠦᠷᠢᠮ ᠠᠴᠠ ᠣᠯᠭᠤᠭᠰᠠᠨ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠴᠠᠭᠳᠠᠨ ᠪᠠᠶᠢᠴᠠᠭᠠᠬᠤ ᠠᠵᠢᠯ ᠤᠨ ᠵᠥᠪ ᠤᠯᠤᠰ | ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠴᠢᠬᠤᠯᠠ ᠱᠠᠭᠠᠷᠳᠠᠯᠭ᠎ᠠ ᠪᠣᠯᠣᠨ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠲᠣᠭᠤᠷᠢᠨ | ᠪᠠᠶᠢᠴᠠᠭᠠᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠠᠷᠠᠳ ᠤᠯᠠᠨ ᠤ ᠠᠰᠢᠭ ᠲᠤᠰᠠ ᠶᠢ | ᠬᠠᠮᠠᠭᠠᠯᠠᠬᠤ ᠪᠠᠷ ᠦᠨᠳᠦᠰᠦᠨ ᠡᠭᠦᠰᠦᠯᠲᠡ ᠪᠠ ᠲᠤᠰᠤᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠢᠷᠡᠯ ᠤᠨ ᠠᠰᠠᠭᠤᠳᠠᠯ ᠢ ᠵᠠᠯᠬᠠᠭᠠᠨ ᠰᠢᠳᠬᠡᠬᠦ ᠶᠢ ᠬᠦᠴᠦᠯᠡᠨ ᠠᠬᠢᠭᠤᠯᠬᠤ ᠬᠡᠷᠡᠭᠲᠡᠢᠭᠡᠵᠦ ᠱᠠᠭᠠᠷᠳᠠᠪᠠ᠃ | ᠬᠤᠷᠠᠯ ᠠᠴᠠ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ | ᠬᠢᠨᠠᠯᠲᠠ ᠲᠠᠯᠪᠢᠬᠤ ᠪᠠᠲᠤᠯᠠᠪᠤᠷᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ᠲᠤᠰ ᠰᠢᠰᠲ᠋ᠧᠮ ᠲᠤᠰ ᠬᠦᠷᠢᠶᠡᠨ ᠳᠠᠬᠢ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶᠠᠨ ᠤ ᠲᠤᠰ ᠰᠢᠰᠲ᠋ᠧᠮ ᠲᠤᠰ ᠬᠦᠷᠢᠶᠡᠨ ᠳᠠᠬᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠶᠡᠷᠦᠩᠬᠡᠢ ᠱᠦᠵᠢ | ᠰᠢ ᠶᠢᠨ ᠫᠢᠩ ᠤᠨ ᠬᠥᠳᠡᠭᠡ ᠲᠣᠰᠬᠤᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠣᠯᠣᠨ ᠬᠥᠳᠡᠭᠡ ᠲᠣᠰᠬᠤᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠠᠵᠢᠯ ᠢ ᠨᠠᠷᠢᠯᠢᠭ ᠣᠨᠣᠴᠠᠲᠠᠢ ᠪᠠᠷ ᠥᠷᠨᠢᠭᠦᠯᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ | ᠪᠠᠷᠢᠮᠲᠠᠯᠠᠵᠤ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠪᠠᠷ | ᠪᠠᠷᠢᠮᠵᠢᠶ᠎ᠠ ᠪᠣᠯᠭᠠᠵᠤ᠂ ᠠᠰᠠᠭᠤᠳᠠᠯ ᠢ ᠣᠨᠣᠪᠴᠢᠲᠠᠢ ᠢᠯᠡᠷᠡᠭᠦᠯᠵᠦ᠂ ᠠᠰᠠᠭᠤᠳᠠᠯ ᠢ ᠦᠨᠡᠨ ᠪᠣᠳᠠᠲᠠᠢ ᠪᠠᠷ | ᠪᠤᠰᠤᠳᠴᠢ ᠪᠠᠷ ᠲᠤᠰᠬᠠᠬᠤ ᠬᠡᠷᠡᠭᠲᠡᠢ᠃ ᠠᠷᠭ᠎ᠠ ᠬᠡᠯᠪᠡᠷᠢ ᠶᠢ ᠰᠢᠯᠢᠳᠡᠭᠵᠢᠭᠦᠯᠬᠦ ᠬᠡᠷᠡᠭᠲᠡᠢ᠂ ᠡᠩ ᠤᠨ ᠶᠠᠪᠤᠴᠠ ᠳᠤ | ᠪᠠᠷᠢᠭᠳᠠᠬᠤ ᠦᠭᠡᠢ ᠪᠠᠶᠢᠵᠤ᠂ ᠡᠷᠬᠡ ᠶᠢᠨ ᠠᠵᠢᠯᠯᠠᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠪᠠ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠤᠯᠠᠨ ᠠᠷᠭ᠎ᠠ ᠵᠠᠮ᠂ ᠤᠯᠠᠨ ᠠᠷᠭ᠎ᠠ ᠬᠡᠯᠪᠡᠷᠢ᠂ ᠤᠯᠠᠨ ᠠᠷᠭ᠎ᠠ ᠪᠠᠷᠢᠯ ᠢᠶᠠᠷ | ᠠᠰᠠᠭᠤᠳᠠᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ | ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ | ᠲᠣᠭᠤᠷᠢᠨ ᠪᠠᠶᠢᠴᠠᠭᠠᠯᠲᠠ ᠨᠢ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠰᠢᠶᠠᠨ ᠤ ᠬᠢᠨᠠᠨ ᠪᠤᠳᠤᠬᠤ | ᠲᠣᠪᠴᠢᠶ᠎ᠠ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ᠂ ᠾᠧ | ᠺᠸᠦ ᠵᠢᠭᠤᠯᠴᠢᠯᠠᠯ ᠠᠮᠠᠷᠠᠯᠲᠠ ᠶᠢᠨ ᠦᠢᠯᠡᠴᠢᠯᠡᠭᠡᠨ ᠤ ᠲᠥᠪ ᠵᠡᠷᠭᠡ 6 ᠰᠢᠶᠠᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠪᠠ 54 ᠲᠣᠰᠬᠤᠨ᠂ ᠨᠡᠶᠢᠭᠡᠮ ᠲᠣᠭᠤᠷᠢᠭ ᠲᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠬᠦ ᠪᠣᠯᠣᠨ᠎ᠠ᠃ | | ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠡᠭᠦᠷᠭᠡᠯᠡᠵᠦ ᠪᠠᠶᠢᠭ᠎ᠠ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠭᠦᠨ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠵᠢᠴᠢ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ | ᠪᠦᠬᠦ ᠠᠵᠢᠯᠲᠠᠳ ᠬᠤᠷᠠᠯ ᠳᠤ ᠣᠷᠣᠯᠴᠠᠪᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ | |