ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠢᠨ ᠠᠵᠤ ᠠᠬᠤᠶᠢᠯᠠᠯ ︽ᠪᠣᠯᠪᠠᠰᠤᠷᠠᠭᠤᠯᠬᠤ + ᠤᠷᠢᠵᠦ ᠬᠡᠷᠡᠭᠯᠡᠬᠦ︾ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2025/3/29
      3 ᠳ᠋ᠤᠭᠠᠷ ᠰᠠᠷ᠎ᠠ ᠶᠢᠨ 28 ᠤ ᠡᠳᠦᠷ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠭᠡ ᠤᠳᠠᠭᠠᠨ ᠤ ᠥᠪᠡᠷᠮᠢᠴᠡ ᠣᠨᠴᠠᠯᠢᠭ ᠪᠦᠬᠦᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠪᠠ ᠠᠵᠤ ᠠᠬᠤᠶᠢᠯᠠᠯ ᠤᠨ ᠬᠠᠨᠳᠤᠯᠭ᠎ᠠ ᠲᠠᠢ ᠪᠠᠷ ᠤᠷᠢᠵᠦ ᠬᠡᠷᠡᠭᠯᠡᠬᠦ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠪᠣᠯᠪᠠᠰᠤᠷᠠᠭᠤᠯᠬᠤ + ᠤᠷᠢᠵᠦ ᠬᠡᠷᠡᠭᠯᠡᠬᠦ︾ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠪᠠᠷ ᠭᠤᠣᠯ ᠪᠣᠯᠭᠠᠵᠤ᠂ ᠠᠵᠤ ᠠᠬᠤᠶᠢᠯᠠᠯ ᠪᠣᠯᠣᠨ ᠪᠣᠯᠪᠠᠰᠤᠷᠠᠯ ᠤᠨ ᠠᠩᠭᠢ ᠶᠢᠨ ᠬᠤᠭᠤᠷᠣᠨᠳᠣᠬᠢ ᠵᠣᠯᠭᠠᠯᠳᠤᠭᠤᠯᠬᠤ ᠬᠥᠭᠦᠷᠭᠡ ᠶᠢ ᠠᠮᠵᠢᠯᠲᠠᠲᠠᠢ ᠪᠠᠶᠢᠭᠤᠯᠵᠤ᠂ ᠮᠠᠨ ᠤ ᠰᠢᠶᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠤᠯᠪᠠᠰᠤᠷᠠᠯ ᠪᠠ ᠠᠵᠢᠯ ᠣᠯᠭᠤᠯᠲᠠ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 4 ᠠᠵᠤ ᠠᠬᠤᠶᠢᠯᠠᠯ᠂ 8 ᠠᠵᠢᠯ ᠤᠨ ᠪᠠᠶᠢᠷᠢ ᠬᠠᠩᠭᠠᠵᠤ᠂ ᠨᠡᠶᠢᠲᠡ 41 ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠬᠠᠩᠭᠠᠭᠰᠠᠨ ᠪᠠᠶᠢᠨ᠎ᠠ᠃ ᠡᠲᠡᠭᠡᠷ ᠠᠵᠢᠯ ᠤᠨ ᠪᠠᠶᠢᠷᠢ ᠳᠤ ᠮᠧᠬᠠᠨᠢᠭ ᠦᠢᠯᠡᠳᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠣᠯᠠᠨ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠬᠠᠮᠤᠷᠴᠤ᠂ ᠮᠠᠨ ᠤ ᠰᠢᠶᠠᠨ ᠤ 2 ᠪᠣᠯᠪᠠᠰᠤᠷᠠᠯ ᠤᠨ ᠠᠩᠭᠢ ᠶᠢᠨ 80 ᠭᠠᠷᠤᠢ ᠰᠤᠷᠤᠭᠴᠢᠳ ᠲᠤ ᠡᠯᠪᠡᠭ ᠪᠠᠶᠠᠯᠢᠭ ᠠᠵᠢᠯ ᠤᠯᠭᠤᠬᠤ ᠲᠣᠬᠢᠶᠠᠯ ᠣᠯᠭᠤᠵᠠᠢ᠃ ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠠᠵᠤ ᠠᠬᠤᠶᠢᠯᠠᠯ ᠤᠨ ᠲᠥᠯᠥᠭᠡᠯᠡᠭᠴᠢᠳ ᠪᠣᠯᠣᠨ ᠰᠤᠷᠤᠭᠴᠢᠳ ᠰᠠᠨᠠᠯ ᠢᠶᠠᠨ ᠭᠦᠨᠵᠡᠭᠡᠢ ᠰᠣᠯᠢᠯᠴᠠᠵᠤ᠂ ᠴᠥᠭᠡᠨ ᠪᠤᠰᠤ ᠰᠤᠷᠤᠭᠴᠢᠳ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠲᠠᠢ ᠠᠵᠢᠯ ᠣᠯᠬᠤ ᠰᠠᠨᠠᠮᠵᠢ ᠲᠠᠢ ᠪᠠᠶᠢᠬᠤ ᠪᠠᠨ ᠢᠯᠡᠷᠬᠡᠶᠢᠯᠡᠪᠡ᠃
     ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠪᠠᠰᠤᠷᠠᠯ ᠤᠨ ᠠᠩᠭᠢ ᠳᠤ ᠠᠵᠢᠯᠲᠠᠨ ᠡᠯᠰᠡᠬᠦ ᠴᠤᠭᠯᠠᠭᠠᠨ ᠥᠷᠨᠢᠭᠦᠯᠬᠦ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠪᠠ ᠪᠣᠯᠪᠠᠰᠤᠷᠠᠯ ᠤᠨ ᠰᠤᠷᠤᠭᠴᠢᠳ ᠤᠨ ᠠᠵᠢᠯ ᠣᠯᠭᠤᠯᠲᠠ ᠶᠢᠨ ᠵᠣᠬᠢᠴᠠᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠴᠡᠭᠡ ᠶᠢ ᠣᠨᠣᠪᠴᠢᠲᠠᠶ ᠵᠣᠯᠭᠠᠭᠤᠯᠵᠤ᠂ ᠬᠤᠶᠠᠷ ᠲᠠᠯ᠎ᠠ ᠳᠤ ᠨᠠᠩ ᠰᠠᠶᠢᠨ ᠦᠢᠯᠡᠴᠢᠯᠡᠭᠡ ᠬᠠᠩᠭᠠᠨ᠎ᠠ᠃ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠪᠣᠯᠣᠨ ᠠᠵᠤ ᠠᠬᠤᠶᠢᠯᠠᠯ ᠤᠨ ᠬᠠᠨᠳᠤᠯᠭ᠎ᠠ ᠲᠠᠢ ᠪᠠᠷ ᠠᠵᠢᠯᠲᠠᠨ ᠡᠯᠰᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠮᠠᠨ ᠤ ᠰᠢᠶᠠᠨ ᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠣᠯᠣᠨ ᠠᠵᠢᠯ ᠣᠯᠭᠤᠯᠲᠠ ᠶᠢᠨ ᠠᠵᠢᠯ ᠳᠤ ᠠᠰᠢᠭᠲᠠᠢ ᠯᠠᠪᠯᠠᠯᠲᠠ ᠬᠠᠩᠭᠠᠭᠰᠠᠨ ᠪᠠᠶᠢᠨ᠎ᠠ᠃ ᠬᠤᠶᠢᠰᠢᠳᠠ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠠᠵᠢᠯ ᠡᠷᠢᠭᠰᠡᠳ ᠲᠤ ᠣᠷᠳᠣ ᠬᠤᠭᠤᠴᠠᠭᠠᠨ ᠤ ᠪᠦᠲᠦᠮᠵᠢᠲᠡᠶ ᠳᠡᠮᠵᠢᠯᠭᠡ ᠬᠠᠩᠭᠠᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠪᠣᠯᠬᠤ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1