ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ | ᠠᠯᠬᠤᠮ ᠪᠠᠲᠤ ᠰᠠᠬᠢᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ | ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠡᠬᠢᠯᠡᠬᠦ | ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ᠃ | | | | | ᠰᠤᠷᠭᠠᠭᠤᠯᠢ ᠶᠢᠨ ᠬᠤᠭᠤᠯᠠᠨ ᠭᠡᠷ ᠢ ᠴᠢᠩᠭ᠎ᠠ ᠵᠢᠭᠰᠠᠭᠠᠨ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠨ | ᠬᠠᠷᠢᠶᠠᠲᠤ ᠣᠷᠣᠨ ᠤ ᠳᠣᠲᠣᠷᠠᠬᠢ ᠰᠤᠷᠭᠠᠭᠤᠯᠢ ᠶᠢᠨ ᠬᠤᠭᠤᠯᠠᠨ ᠭᠡᠷ ᠤᠨ ᠠᠵᠢᠯ ᠡᠷᠬᠢᠯᠡᠭᠰᠡᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠳᠤ ᠭᠡᠷᠡᠴᠢ ᠪᠠᠷᠢᠮᠲᠠ ᠠᠪᠬᠤ᠂ | ᠢᠳᠡᠭᠡᠨ ᠤ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠬᠤ ᠪᠠ ᠬᠠᠳᠠᠭᠠᠯᠠᠬᠤ᠂ | ᠡᠳ᠋ᠰᠢᠭᠦᠯᠦᠨ ᠦᠢᠯᠡᠳᠬᠦ ᠶᠠᠪᠤᠴᠠ᠂ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ᠂ ᠥᠯᠢᠭᠡᠷ ᠡᠳ᠋ ᠤᠨ | ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠵᠡᠷᠭᠡ ᠳᠤ᠂ | ᠰᠤᠷᠭᠠᠭᠤᠯᠢ ᠨᠤᠭᠤᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠭᠤᠯᠠᠨ ᠭᠡᠷ ᠤᠨ ᠠᠵᠢᠯ ᠡᠷᠬᠢᠯᠡᠭᠰᠡᠳ ᠤᠨ ᠬᠠᠮᠢᠶᠠᠷᠤᠯᠲᠠ ᠶᠢ ᠴᠢᠩᠭᠠᠳᠬᠠᠨ᠂ | ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠪᠠᠭᠰᠢ ᠰᠤᠷᠤᠭᠴᠢᠳ ᠤᠨ ᠬᠤᠭᠤᠯᠠ ᠢᠳᠡᠬᠦ ᠠᠮᠤᠷ ᠲᠦᠪᠰᠢᠨ ᠢ | ᠦᠨᠡᠨ ᠬᠦ ᠪᠠᠳᠤᠯᠠᠨ᠎ᠠ᠃ | ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠶᠤᠯᠭᠦᠢ ᠶᠢ ᠪᠠᠳᠤᠯᠠᠨ᠎ᠠ᠃ ᠲᠣᠰ | ᠤᠳᠠᠭᠠᠨ ᠤ ᠪᠠᠶᠢᠴᠠᠭᠠᠯᠲᠠ ᠳᠤ ᠲᠦᠩ ᠸᠧᠢ ᠬᠠᠮᠠᠭᠠᠯᠠᠯᠲᠠ ᠶᠢᠨ ᠺᠣᠮᠫᠠᠨᠢ ᠠᠴᠠ ᠰᠤᠷᠭᠠᠭᠤᠯᠢ ᠶᠢᠨ ᠴᠠᠬᠢᠯᠭᠠᠨ ᠱᠠᠲᠤ | ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠪᠠᠶᠢᠴᠠᠭᠠᠬᠤ ᠡᠲᠡᠭᠡᠳ ᠪᠣᠯᠭᠠᠵᠤ᠂ ᠲᠣᠨᠤᠭ | ᠲᠥᠬᠦᠭᠡᠷᠦᠮᠵᠢ ᠶᠢᠨ ᠲᠡᠭᠡᠭᠡᠪᠦᠷᠢ ᠶᠢᠨ ᠪᠠᠶᠢᠳᠠᠯ᠂ ᠬᠠᠮᠠᠭᠠᠯᠠᠵᠤ ᠠᠷᠠᠴᠢᠯᠠᠭᠰᠠᠨ ᠲᠡᠮᠳᠡᠭᠯᠡᠯ᠂ ᠠᠮᠤᠷ ᠲᠦᠪᠰᠢᠨ ᠤ | ᠰᠡᠷᠡᠮᠵᠢ ᠶᠢᠨ ᠲᠡᠮᠳᠡᠭ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠪᠡ᠃ ᠡᠭᠦᠨ ᠤ ᠬᠠᠮᠲᠤ ᠪᠠᠰᠠ ᠰᠤᠷᠭᠠᠭᠤᠯᠢ ᠶᠢᠨ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠯᠠᠭᠴᠢ ᠶᠢᠨ ᠬᠢᠷᠢ ᠬᠡᠮ ᠤᠨ ᠦᠨᠡᠮᠯᠡᠯ ᠢ ᠬᠠᠷᠭᠤᠭᠤᠯᠤᠨ | ᠪᠠᠶᠢᠴᠠᠭᠠᠵᠤ᠂ ᠠᠵᠢᠯᠯᠠᠭᠴᠢ ᠶᠢᠨ ᠵᠣᠬᠢᠴᠠᠩᠭᠤᠢ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠ ᠠᠮᠤᠷ ᠲᠦᠪᠰᠢᠨ ᠤ | ᠤᠬᠠᠮᠰᠠᠷ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠣᠲᠣ ᠪᠣᠯᠲᠠᠯ᠎ᠠ᠂ ᠨᠡᠶᠢᠲᠡ 12 ᠰᠤᠷᠭᠠᠭᠤᠯᠢ ᠶᠢ ᠪᠠᠶᠢᠴᠠᠭᠠᠵᠤ᠂ 4 ᠠᠰᠠᠭᠤᠳᠠᠯ ᠢ ᠢᠯᠡᠷᠡᠭᠦᠯᠵᠦ᠂ ᠬᠠᠤᠯᠢ | ᠬᠡᠷᠡᠭᠵᠢᠭᠦᠯᠬᠦ ᠠᠵᠢᠯᠲᠠᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ | ᠬᠤᠭᠤᠯᠠᠨ ᠭᠡᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠦᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |