ᠲᠣᠭᠲᠠᠬᠤ ᠰᠢᠶᠠᠨ 2025 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠵᠢᠴᠢ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2025/3/30
      ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠠᠵᠢᠯ ᠣᠯᠭᠤᠯᠲᠠ ᠪᠣᠯ ᠨᠠᠩ ᠴᠤ ᠨᠡᠶᠢᠭᠡᠮ ᠤᠨ ᠲᠣᠭᠲᠠᠭᠤᠨ ᠪᠠᠶᠢᠳᠠᠯ ᠪᠠ ᠭᠡᠷ ᠪᠦᠯᠢ ᠶᠢᠨ ᠵᠣᠯ ᠵᠢᠷᠭᠠᠯ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠠᠴᠠ ᠬᠠᠮᠲᠤᠷᠠᠨ ᠡᠷᠭᠢᠯᠡᠵᠦ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠲᠣᠭᠲᠠᠬᠤ ᠰᠢᠶᠠᠨ ᠤ 2025 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠵᠢᠴᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯᠲᠠᠨ ᠡᠯᠰᠡᠬᠦ ᠬᠤᠷᠠᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ︵ ᠶᠢᠨ ᠴᠤᠸᠠᠨ ᠰᠤᠷᠭᠠᠭᠤᠯᠢ ᠶᠢᠨ ᠲᠣᠭᠤᠷᠢᠭ︶ ᠳᠤ ᠶᠠᠪᠤᠭᠳᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠵᠣᠷᠢᠯᠭ᠎ᠠ ᠨᠢ ᠨᠢᠭᠡ ᠲᠠᠯ᠎ᠠ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠰᠬᠠᠢ ᠮᠡᠷᠭᠡᠵᠢᠯ ᠤᠨ ᠲᠠᠷᠬᠠᠯᠲᠠ᠂ ᠠᠵᠢᠯ ᠣᠯᠬᠤ ᠰᠠᠨᠠᠮᠵᠢ ᠵᠡᠷᠭᠡ ᠪᠠᠶᠢᠳᠠᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠬᠠᠩᠭᠠᠭᠰᠠᠨ ᠠᠵᠢᠯ ᠤᠨ ᠪᠠᠶᠢᠷᠢ ᠪᠣᠯᠣᠨ ᠲᠡᠭᠦᠰᠦᠭᠰᠡᠳ ᠤᠨ ᠬᠦᠰᠡᠯ ᠡᠷᠡᠮᠡᠯᠵᠡᠯ ᠤᠨ ᠳᠡᠭᠡᠳᠦ ᠬᠡᠮᠵᠢᠶ᠎ᠡ ᠪᠠᠷ ᠲᠣᠬᠢᠷᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠨᠥᠭᠦᠭᠡ ᠲᠠᠯ᠎ᠠ ᠪᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠲᠤᠰᠬᠠᠢ ᠦᠢᠯᠡᠴᠢᠯᠡᠭᠡᠨ ᠤ ᠲᠠᠪᠴᠠᠩ ᠭᠠᠷᠭᠠᠵᠤ᠂ ᠤᠬᠠᠭᠤᠯᠬᠤ ᠮᠠᠲ᠋ᠧᠷᠢᠶᠠᠯ 1000 ᠭᠠᠷᠤᠢ ᠬᠤᠪᠢ ᠲᠠᠷᠬᠠᠭᠠᠵᠤ᠂ ᠲᠡᠭᠦᠰᠬᠦ ᠰᠤᠷᠤᠭᠴᠢᠳ ᠲᠤ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠲᠣᠪᠴᠢ ᠨᠠᠮᠲᠠᠷ ᠲᠤ ᠵᠠᠰᠠᠪᠤᠷᠢ ᠣᠷᠣᠭᠤᠯᠬᠤ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠰᠠᠨᠠᠭᠤᠯᠭ᠎ᠠ ᠵᠡᠷᠭᠡ ᠠᠯᠢ ᠣᠯᠠᠨ ᠳᠣᠲᠣᠨᠣ ᠦᠢᠯᠡᠴᠢᠯᠡᠭᠡ ᠬᠠᠩᠭᠠᠭᠰᠠᠨ ᠪᠠᠶᠢᠨ᠎ᠠ᠃ ᠲᠡᠭᠦᠰᠬᠦ ᠰᠤᠷᠤᠭᠴᠢᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠲᠤᠬᠠᠢ ᠡᠯ᠎ᠡ ᠵᠦᠢᠯ ᠤᠨ ᠮᠠᠳᠠᠭ ᠲᠠᠢ ᠠᠰᠠᠭᠤᠯᠲᠠ ᠶᠢ ᠬᠠᠯᠠᠭᠤᠨ ᠢᠶᠠᠷ ᠬᠦᠯᠢᠴᠡᠩᠭᠦᠢ ᠪᠠᠷ ᠬᠠᠷᠢᠭᠤᠯᠵᠤ᠂ ᠲᠡᠳᠡᠨ ᠢ ᠬᠠᠪᠰᠤᠷᠤᠨ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠠ ᠲᠣᠰ ᠪᠡᠶ᠎ᠡ ᠶᠢᠨ ᠬᠢᠨᠢ ᠳᠠᠪᠠᠭᠤᠯᠢᠭ ᠪᠠ ᠪᠠᠭᠤᠷᠠᠢ ᠲᠠᠯ᠎ᠠ ᠶᠢ ᠨᠠᠩ ᠰᠠᠶᠢᠨ ᠣᠶᠢᠯᠠᠭᠠᠭᠤᠯᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠠᠵᠢᠯ ᠣᠯᠬᠤ ᠦᠵᠡᠯᠲᠡ ᠪᠠ ᠠᠵᠢᠯ ᠰᠣᠩᠭᠤᠬᠤ ᠦᠵᠡᠯᠲᠡ ᠲᠠᠢ ᠪᠣᠯᠭᠠᠵᠠᠢ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 134 ᠠᠵᠤ ᠠᠬᠤᠶᠢᠯᠠᠯ ᠴᠤᠭᠯᠠᠷᠠᠵᠠᠢ᠂ ᠡᠭᠦᠨ ᠳᠤ ᠲᠣᠭᠲᠠᠬᠤ ᠰᠢᠶᠠᠨ ᠤ 10 ᠠᠵᠤ ᠠᠬᠤᠶᠢᠯᠠᠯ ᠪᠣᠶ᠂ ᠡᠲᠡᠭᠡᠷ ᠠᠵᠤ ᠠᠬᠤᠶᠢᠯᠠᠯ ᠨᠢ ᠦᠢᠯᠡᠳᠬᠦ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠰᠤᠷᠭᠠᠨ ᠬᠥᠮᠦᠵᠢᠯ᠂ ᠰᠣᠶᠣᠯ ᠤᠨ ᠵᠠᠭᠤᠴᠢᠯᠠᠭᠤᠷ ᠵᠡᠷᠭᠡ ᠣᠯᠠᠨ ᠠᠵᠢᠯ ᠲᠥᠷᠥᠯ ᠤᠨ ᠬᠦᠷᠢᠶᠡᠨ ᠳᠤ ᠥᠷᠭᠡᠨ ᠢᠶᠠᠷ ᠲᠠᠷᠬᠠᠵᠤ᠂ ᠠᠵᠢᠯ ᠡᠷᠢᠭᠰᠡᠳ ᠲᠤ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯ ᠣᠯᠭᠤᠯᠲᠠ ᠶᠢᠨ ᠰᠣᠩᠭᠤᠯᠲᠠ ᠬᠠᠩᠭᠠᠭᠰᠠᠨ ᠪᠠᠶᠢᠨ᠎ᠠ᠃
       ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 165 ᠠᠵᠢᠯ ᠤᠨ ᠪᠠᠶᠢᠷᠢ ᠭᠠᠷᠭᠠᠵᠤ᠂ ᠨᠡᠶᠢᠲᠡ 2000 ᠭᠠᠷᠤᠢ ᠰᠣᠷᠣᠭᠴᠢ ᠣᠷᠣᠯᠴᠠᠵᠤ᠂ ᠲᠤᠬᠠᠢ ᠶᠢᠨ ᠲᠠᠯᠠᠪᠤᠷ ᠲᠤ ᠮᠠᠨ ᠤ ᠰᠢᠶᠠᠨ ᠤ ᠠᠵᠤ ᠠᠬᠤᠶᠢᠯᠠᠯ ᠤᠨ ᠬᠢᠨ ᠨᠡᠶᠢᠲᠡ 152 ᠬᠤᠪᠢ ᠲᠣᠪᠴᠢ ᠨᠠᠮᠲᠠᠷ ᠣᠯᠵᠤ᠂ 80 ᠭᠠᠷᠤᠢ ᠬᠥᠮᠥᠨ ᠤ ᠰᠠᠨᠠᠯ ᠢ ᠠᠩᠬ᠎ᠠ ᠠᠯᠬᠤᠮ ᠬᠡᠯᠡᠯᠴᠡᠨ ᠲᠣᠬᠢᠷᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠵᠥᠪᠬᠡᠨ ᠲᠤᠭᠳᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠦᠯᠬᠢᠨ ᠠᠬᠢᠭᠤᠯᠤᠭᠰᠠᠨ ᠤ ᠬᠤᠷᠢᠶᠠᠩᠭᠤᠢ ᠲᠦᠷᠰᠦ ᠪᠤᠯᠤᠨ᠎ᠠ᠃ ᠢᠷᠡᠭᠡᠳᠦᠢ ᠳᠤ᠂ ᠲᠣᠭᠲᠠᠬᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠨᠢᠭᠡ ᠳᠤ᠂ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠲᠡᠭᠦᠰᠬᠦ ᠰᠤᠷᠤᠭᠴᠢᠳ ᠲᠤ ᠨᠠᠩ ᠣᠯᠠᠨ ᠠᠵᠢᠯ ᠣᠯᠬᠤ ᠲᠣᠬᠢᠶᠠᠯ ᠣᠯᠭᠤᠨ᠎ᠠ︔ ᠬᠤᠶᠠᠷ ᠲᠤ᠂ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠲᠣᠬᠢᠷᠠᠬᠤ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠠᠵᠤ ᠠᠬᠤᠶᠢᠯᠠᠯ ᠳᠤ ᠵᠣᠬᠢᠬᠤ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠠᠵᠤ ᠠᠬᠤᠶᠢᠯᠠᠯ ᠤᠨ ᠠᠵᠢᠯ ᠣᠯᠭᠤᠯᠲᠠ ᠶᠢ ᠬᠦᠯᠢᠶᠡᠨ ᠠᠪᠬᠤ ᠢᠳᠡᠪᠬᠢᠵᠢᠯ ᠢ ᠳᠡᠭᠡᠭᠰᠢᠯᠡᠭᠦᠯᠦᠨ᠎ᠡ︔ ᠭᠤᠷᠪᠠ ᠳᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠪᠤᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠴᠢᠳᠠᠪᠤᠷᠢ ᠪᠠ ᠠᠳᠠᠯ ᠦᠢᠯᠡᠰ ᠴᠣᠭᠴᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠡᠳᠡᠨ ᠢ ᠠᠵᠢᠯ ᠣᠯᠭᠤᠯᠲᠠ ᠶᠢᠨ ᠬᠤᠷᠴᠠ ᠰᠢᠷᠦᠭᠦᠨ ᠵᠠᠬ᠎ᠠ ᠳᠡᠯᠭᠡᠭᠦᠷ ᠲᠤ ᠴᠣᠯᠭᠤᠷᠠᠭᠤᠯᠤᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1