3 ᠳ᠋ᠤᠭᠠᠷ ᠰᠠᠷ᠎ᠠ ᠶᠢᠨ 27 ᠤ ᠡᠳᠦᠷ᠂ ᠵᠧᠵᠢᠶᠠᠩ ᠤᠨ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠶᠢᠨ | ᠽᠧᠦ ᠯᠢᠦ ᠭᠧᠨ ᠰᠢᠨ᠎ᠡ ᠶᠢ ᠡᠭᠦᠳᠬᠦ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠠᠰᠤᠭ ᠤᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠣᠯᠭᠤᠬᠤ ᠵᠢᠴᠢ ︽ᠬᠤᠣᠰ ᠵᠢᠯᠣᠭᠤᠳᠤᠭᠴᠢ ᠶᠢᠨ ᠳᠦᠷᠢᠮ︾ | ᠤᠨ ᠠᠩᠭᠢ ᠶᠢᠨ ᠡᠷᠬᠢᠯᠡᠭᠴᠢ ᠶᠢᠨ ᠠᠵᠢᠯ ᠤᠨ ᠲᠠᠰᠤᠭ ᠤᠨ ᠡᠬᠢᠯᠡᠯᠲᠡ ᠶᠢᠨ ᠶᠣᠰᠣᠯᠠᠯ ᠲᠣᠭᠲᠠᠬᠤ ᠰᠢᠶᠠᠨ ᠤ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠽᠧᠦ ᠯᠢᠦ ᠭᠧᠨ ᠪᠣᠯ ᠪᠥᠬᠦ | ᠤᠯᠤᠰ ᠤᠨ ᠠᠯᠳᠠᠷᠲᠤ ᠠᠵᠢᠯᠯᠠᠭᠠᠨ ᠤ ᠶᠣᠰᠣ ᠰᠤᠷᠲᠠᠬᠤᠨ ᠤ ᠬᠥᠮᠦᠵᠢᠯ ᠤᠨ ᠲᠤᠰᠬᠠᠢ ᠮᠡᠷᠭᠡᠵᠢᠯᠲᠡᠨ᠂ ᠪᠥᠬᠦ | ᠤᠯᠤᠰ ᠤᠨ ᠪᠠᠭᠰᠢ ᠶᠢᠨ ᠤᠯᠤᠰ ᠤᠨ ᠪᠣᠯᠪᠠᠰᠤᠷᠠᠯ ᠤᠨ ᠲᠤᠰᠬᠠᠢ ᠮᠡᠷᠭᠡᠵᠢᠯᠲᠡᠨ᠂ ᠠᠩᠭᠢ ᠶᠢᠨ ᠡᠷᠬᠢᠯᠡᠭᠴᠢ ᠶᠢᠨ | ᠠᠵᠢᠯ ᠤᠨ ᠤᠷᠠᠯᠢᠭ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠃ ᠲᠣᠰ ᠤᠳᠠᠭᠠᠨ ᠤ ᠦᠢᠯᠡᠳᠦᠯᠭᠡ ᠶᠢᠨ | ᠰᠠᠭᠤᠷᠢᠨ ᠭᠠᠵᠠᠷ ᠵᠢᠴᠢ ᠠᠵᠢᠯᠯᠠᠬᠤ ᠲᠠᠰᠤᠭ ᠢ ᠪᠠᠶᠢᠭᠤᠯᠬᠤ ᠳᠤ ᠭᠤᠣᠯᠳᠠᠭᠤ ᠰᠢᠶᠠᠨ ᠤ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠲᠦᠰᠢᠭᠯᠡᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ | ᠠᠵᠢᠯᠯᠠᠬᠤ ᠲᠠᠰᠤᠭ ᠨᠢ ᠭᠤᠣᠯᠳᠠᠭᠤ ᠰᠤᠷᠭᠠᠭᠤᠯᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ᠂ | ᠰᠤᠷᠭᠠᠭᠤᠯᠢ ᠶᠢᠨ ᠣᠶᠢᠯᠠᠭᠠᠭᠳᠠᠬᠤᠨ ᠤ ᠰᠣᠶᠣᠯ ᠤᠨ ᠵᠢᠷᠤᠭ ᠲᠥᠯᠥᠪᠯᠡᠭᠡ᠂ ︽ᠭᠡᠷ ᠤᠨ ᠠᠬᠠᠮᠠᠳ ᠤᠨ ᠶᠡᠭᠡ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠤᠨ ᠪᠠᠶᠢᠭᠤᠯᠤᠯᠲᠠ ᠵᠢᠴᠢ ᠪᠥᠬᠦ ᠰᠢᠶᠠᠨ ᠤ | ᠠᠩᠭᠢ ᠶᠢᠨ ᠡᠷᠬᠢᠯᠡᠭᠴᠢ ᠶᠢᠨ ᠪᠤᠯᠪᠠᠰᠤᠷᠠᠯ ᠵᠡᠷᠭᠡ ᠠᠵᠢᠯ ᠢ ᠡᠭᠦᠷᠭᠡᠯᠡᠳᠡᠭ᠃ ︽︿ᠬᠤᠣᠰ ᠵᠢᠯᠤᠭᠤᠳᠤᠭᠴᠢ ᠶᠢᠨ | ᠳᠦᠷᠢᠮ﹀ ᠤᠨ ᠠᠩᠭᠢ ᠶᠢᠨ ᠡᠷᠬᠢᠯᠡᠭᠴᠢ ᠶᠢᠨ ᠠᠵᠢᠯᠯᠠᠬᠤ ᠲᠠᠰᠤᠭ ᠪᠠᠶᠢᠭᠤᠯᠤᠭᠳᠠᠭᠰᠠᠨ ᠨᠢ ᠰᠤᠷᠭᠠᠭᠤᠯᠢ ᠶᠢᠨ | ᠰᠢᠯᠢᠳᠡᠭ ᠠᠩᠭᠢ ᠶᠢᠨ ᠡᠷᠬᠢᠯᠡᠭᠴᠢ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠬᠤᠷᠠᠮᠳᠤᠭᠤᠯᠤᠨ᠂ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠣᠷᠣᠭᠴᠢ ᠳᠤ ᠲᠣᠬᠢᠷᠠᠬᠤ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠠᠷᠭ᠎ᠠ ᠶᠢ ᠬᠠᠮᠲᠤ ᠪᠠᠷ ᠰᠦᠪᠡᠭᠴᠢᠯᠡᠵᠦ᠂ ᠠᠩᠭᠢ ᠶᠢᠨ ᠡᠷᠬᠢᠯᠡᠭᠴᠢ ᠶᠢᠨ ᠲᠤᠰᠬᠠᠢ ᠮᠡᠷᠭᠡᠵᠢᠯ ᠤᠨ | ᠪᠣᠯᠪᠠᠰᠤᠷᠠᠯ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ ᠶᠤᠮ︾ ᠭᠡᠵᠦ ᠲᠣᠭᠲᠠᠬᠤ | ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠵᠠᠩ ᠷᠦᠢ ᠹᠧᠩ | ᠬᠡᠯᠡᠪᠡ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ | ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠭᠤᠯᠢ ᠶᠢᠨ ᠠᠭᠤᠯᠤᠭᠳᠠᠬᠤᠨ ᠤ ᠪᠠᠶᠢᠭᠤᠯᠤᠯᠲᠠ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠠᠬᠢᠭᠤᠯᠵᠤ᠂ | ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠩ ᠤᠯᠠᠨ ᠮᠣᠷᠠᠯ ᠴᠢᠳᠠᠪᠤᠷᠢ ᠬᠤᠣᠰᠯᠠᠭᠰᠠᠨ | ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |