ᠥᠪᠥᠷ ᠮᠣᠩᠭᠤᠯ ᠤᠨ ᠠᠩᠬᠠᠳᠠᠭᠴᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠠᠷᠢᠯᠭ᠎ᠠ ᠶᠢᠨ ᠠᠵᠢᠯ ᠲᠠᠭᠤᠰᠴᠤ ᠭᠡᠷ ᠪᠠᠶᠢᠰᠢᠩ ᠢ ᠬᠤᠳᠠᠯᠳᠤᠵᠤ ᠡᠬᠢᠯᠡᠯ᠎ᠡ
ᠨᠡᠶᠢᠲᠡᠯᠡᠭᠰᠡᠨ ᠴᠠᠭ᠄
2025/3/30
      5 ᠳ᠋ᠤᠭᠠᠷ ᠰᠠᠷ᠎ᠠ ᠶᠢᠨ 28  ᠤ ᠡᠳᠦᠷ ᠬᠥᠬᠡᠬᠤᠲᠠ ᠶᠢᠨ ᠵᠠᠯᠠᠭᠤᠴᠤᠳ ᠨᠡᠶᠢᠭᠡᠮ ᠲᠣᠭᠤᠷᠢᠭ ᠤᠨ ᠠᠩᠬᠠᠨ ᠤ ᠠᠰᠠᠷ ᠤᠨ ᠭᠤᠣᠯ ᠴᠣᠭᠴᠠ ᠶᠢᠨ ᠪᠦᠲᠦᠴᠡ ᠶᠢᠨ ᠪᠠᠷᠢᠯᠭ᠎ᠠ ᠶᠢ ᠲᠠᠭᠤᠰᠬᠠᠯ᠎ᠠ᠃ ᠵᠠᠯᠠᠭᠤᠴᠤᠳ ᠨᠡᠶᠢᠭᠡᠮ ᠲᠣᠭᠤᠷᠢᠭ ᠤᠨ ᠲᠦᠭᠡᠭᠡᠨ ᠬᠤᠳᠠᠯᠳᠤᠬᠤ ᠠᠵᠢᠯ ᠢ ᠨᠢᠭᠡᠨᠲᠡ ᠡᠬᠢᠯᠡᠭᠦᠯᠵᠦ᠂ ᠬᠥᠬᠡᠬᠤᠲᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠠᠩᠬᠠᠳᠠᠭᠴᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠤᠯᠤᠭᠰᠠᠨ ᠲᠤᠰ ᠲᠦᠷᠦᠯ ᠵᠦᠢᠯ ᠨᠢ ︽ᠵᠠᠯᠠᠭᠤᠴᠤᠳ ᠤᠨ ᠨᠥᠬᠦᠷᠰᠡᠭ ᠨᠡᠶᠢᠭᠡᠮ ᠲᠣᠭᠤᠷᠢᠭ︾ ᠢ ᠪᠦᠲᠦᠭᠡᠨ ᠪᠠᠶᠢᠭᠤᠯᠬᠤ ᠪᠠᠷ ᠣᠶᠢᠯᠠᠭᠠᠭᠳᠠᠬᠤᠨ ᠪᠣᠯᠭᠠᠵᠤ᠂ ᠲᠦᠪᠯᠡᠷᠡᠭᠦᠯᠦᠨ ᠰᠠᠭᠤᠷᠢᠰᠢᠬᠤ᠂ ᠵᠠᠯᠠᠭᠤᠴᠤᠳ ᠤᠨ ᠨᠡᠶᠢᠭᠡᠮ ᠤᠨ ᠬᠠᠷᠢᠯᠴᠠᠭ᠎ᠠ᠂ ᠰᠡᠯᠡᠭᠦᠴᠡᠯ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠬᠠᠮ ᠬᠡᠯᠪᠡᠷᠢ ᠶᠢᠨ ᠨᠡᠶᠢᠭᠡᠮ ᠲᠣᠭᠤᠷᠢᠭ ᠪᠤᠯᠤᠨ᠎ᠠ᠂ ᠠᠩᠬ᠎ᠠ ᠨᠡᠭᠡᠭᠡᠬᠦ ᠲᠣᠭᠤᠷᠢᠭ ᠤᠨ 2921 ᠢᠵᠢ ᠭᠡᠷ ᠪᠠᠶᠢᠰᠢᠩ ᠤᠨ ᠢᠷᠡᠯᠲᠡ ᠶᠢ 2026 ᠣᠨ ᠳᠤ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃      ᠵᠠᠯᠠᠭᠤᠴᠤᠳ ᠨᠡᠶᠢᠭᠡᠮ ᠲᠣᠭᠤᠷᠢᠭ ᠨᠢ ᠰᠠᠶᠢᠬᠠᠨ ᠲᠣᠭᠤᠷᠢᠭ ᠤᠨ ᠶᠢᠨ ᠬᠠᠢ ᠥᠨᠳᠥᠷ ᠬᠤᠷᠳᠤᠴᠠᠳᠤ ᠵᠠᠰᠠᠮᠠᠯ ᠵᠠᠮ ᠪᠠ ᠶᠦᠩ ᠰᠢᠩ ᠵᠠᠮ ᠤᠨ ᠠᠭᠤᠯᠵᠠᠷ ᠲᠤ ᠪᠠᠶᠢᠷᠢᠯᠠᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠶᠢᠨ 26.7 ᠲᠦᠮᠡᠨ ᠲᠡᠭᠰᠢ ᠳᠥᠷᠪᠡᠯᠵᠢᠨ ᠮᠧᠲᠷ᠂ ᠪᠠᠭᠲᠠᠭᠠᠮᠵᠢ ᠶᠢᠨ ᠨᠣᠷᠮ᠎ᠠ ᠨᠢ 1.6 ᠠᠴᠠ ᠪᠠᠭ᠎ᠠ᠂ 7 — 11 ᠲᠠᠪᠬᠤᠷᠯᠢᠭ ᠤᠨ ᠨᠠᠷᠢᠯᠢᠭ ᠵᠠᠰᠠᠵᠤ ᠴᠢᠮᠡᠭᠯᠡᠭᠰᠡᠨ ᠵᠢᠵᠢᠭ ᠳᠡᠭᠡᠳᠦ ᠳᠠᠪᠬᠤᠷᠭ᠎ᠠ᠂ ᠭᠡᠷ ᠪᠠᠶᠢᠰᠢᠩ ᠤᠨ ᠲᠠᠯᠠᠪᠠᠶ ᠨᠢ 42᠂ 56᠂ 75᠂ 90 ᠲᠡᠭᠰᠢ ᠳᠥᠷᠪᠡᠯᠵᠢᠨ ᠮᠧᠲᠷ ᠪᠤᠯᠤᠨ᠎ᠠ᠂ ᠵᠠᠯᠠᠭᠤᠴᠤᠳ ᠨᠡᠶᠢᠭᠡᠮ ᠲᠣᠭᠤᠷᠢᠭ ᠨᠢ ᠡᠬᠡ ᠮᠥᠩᠭᠦ ᠪᠠᠨ ᠪᠠᠲᠤᠯᠠᠵᠤ ᠥᠴᠥᠬᠡᠨ ᠠᠰᠢᠭ ᠣᠯᠬᠤ ᠵᠠᠷᠴᠢᠮ ᠢ ᠪᠠᠷᠢᠮᠳᠠᠯᠠᠨ᠎ᠠ ᠲᠦᠭᠡᠭᠡᠨ ᠬᠤᠳᠠᠯᠳᠤᠬᠤ ᠳᠤᠮᠳᠠᠴᠢ ᠦᠨ᠎ᠡ ᠨᠢ 5600 ᠲᠥᠭᠦᠷᠢᠭ / ᠲᠡᠭᠰᠢ ᠳᠥᠷᠪᠡᠯᠵᠢᠨ ᠮᠧᠲᠷ᠂ ᠨᠢᠭᠡ ᠭᠡᠷ ᠨᠢᠭᠡ ᠦᠨ᠎ᠡ ᠶᠢᠨ ᠲᠦᠷᠢᠮ ᠢ ᠬᠡᠷᠡᠭᠵᠢᠭᠦᠯᠦᠨ᠎ᠡ᠃      ᠨᠡᠶᠢᠭᠡᠮ ᠲᠤᠭᠤᠷᠢᠭ ᠲᠤ ᠪᠠᠰᠠ ᠵᠠᠯᠠᠭᠤᠴᠤᠳ ᠤᠨ ᠡᠭᠦᠳᠦᠨ ᠪᠦᠲᠦᠭᠡᠭᠴᠢ ᠶᠢᠨ ᠣᠷᠣᠨ ᠵᠠᠢ᠂ ᠬᠤᠳᠠᠯᠳᠤᠭᠠᠨ ᠤ ᠵᠡᠭᠡᠯᠢ᠂ ᠠᠮᠢᠵᠢᠷᠠᠯ ᠤᠨ ᠬᠦᠴᠦᠨ ᠤ ᠬᠥᠳᠡᠯᠭᠡᠭᠡᠨ ᠤ ᠲᠠᠯᠠᠪᠠᠢ᠂ ᠳᠣᠷᠣᠭᠰᠢ ᠰᠠᠭᠤᠬᠤ ᠬᠥᠳᠡᠯᠭᠡᠭᠡᠨ ᠤ ᠲᠠᠯᠠᠪᠠᠢ᠂ ᠰᠢᠭᠢᠳᠬᠡᠯ ᠮᠠᠶ᠋ᠢᠭ ᠤᠨ ᠢᠵᠢ ᠪᠦᠷᠢᠳᠦᠭᠦᠯᠦᠯ ᠵᠡᠷᠭᠡ ᠶᠢ ᠲᠦᠯᠦᠪᠵᠢᠭᠦᠯᠵᠦ᠂ ᠵᠠᠯᠠᠭᠤᠴᠤᠳ ᠤᠨ ᠰᠤᠷᠤᠯᠴᠠᠯᠭ᠎ᠠ᠂ ᠦᠢᠯᠡᠰ ᠪᠦᠲᠦᠭᠡᠬᠦ ᠨᠡᠶᠢᠭᠡᠮ ᠤᠨ ᠬᠠᠷᠢᠯᠴᠠᠭ᠎ᠠ᠂ ᠲᠠᠮᠢᠷ ᠤᠨ ᠬᠥᠳᠡᠯᠭᠡᠭᠡᠨ᠂ ᠵᠤᠭ᠎ᠠ ᠴᠡᠩᠭᠡᠯ ᠤᠨ ᠱᠠᠭᠠᠷᠳᠠᠯᠭ᠎ᠠ ᠶᠢ ᠬᠠᠩᠭᠠᠬᠤ ᠪᠠᠷ ᠲᠦᠯᠦᠪᠯᠡᠵᠡᠢ᠃      ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠠᠴᠠ ᠲᠡᠭᠦᠰᠦᠭᠰᠡᠨ ᠶᠠᠩ ᠤᠪᠤᠭᠳᠤ᠄ ︽ᠮᠢᠨᠤ ᠬᠤᠳᠠᠯᠳᠤᠨ ᠠᠪᠬᠤ ᠪᠠᠷ ᠭᠤᠶᠤᠴᠢᠯᠠᠭᠰᠠᠨ 42 ᠲᠡᠭᠰᠢ ᠳᠥᠷᠪᠡᠯᠵᠢᠨ ᠮᠧᠲᠷ ᠤᠨ ᠭᠡᠷ᠂ ᠪᠠᠷᠤᠭᠯᠠᠭᠰᠠᠨ ᠶᠡᠷᠦᠩᠬᠡᠢ ᠦᠨ᠎ᠡ 23 ᠲᠦᠮᠡ ᠭᠠᠷᠤᠢ ᠪᠤᠯᠤᠨ᠎ᠠ᠂ ᠠᠩᠬ᠎ᠠ ᠤᠳᠠᠭ᠎ᠠ 3.5 ᠲᠦᠮᠡᠨ ᠲᠥᠭᠦᠷᠢᠭ ᠲᠤᠰᠢᠶᠠᠨ᠎ᠠ᠂ ᠰᠠᠷ᠎ᠠ ᠳᠤ 800 ᠭᠠᠷᠤᠢ ᠲᠥᠭᠦᠷᠢᠭ ᠲᠦᠯᠦᠬᠦ ᠨᠢ ᠭᠡᠷ ᠲᠦᠷᠢᠶᠡᠰᠦᠯᠡᠬᠦ ᠠᠴᠠ ᠨᠠᠩ ᠠᠰᠢᠭᠲᠠᠢ᠂ ᠪᠢ ᠥᠪᠡᠷ ᠤᠨ ᠣᠷᠣᠯᠭ᠎ᠠ ᠪᠠᠷ ᠢᠶᠠᠨ ᠡᠨᠡ ᠭᠡᠷ ᠢ ᠬᠤᠳᠠᠯᠳᠤᠨ ᠠᠪᠴᠦ ᠲᠡᠶᠢᠯᠦᠨ᠎ᠡ᠂ ᠳᠡᠭᠡᠷ᠎ᠡ ᠨᠢ ᠵᠠᠰᠠᠭ ᠤᠨ ᠣᠷᠳᠣᠨ ᠤ ᠪᠤᠴᠠᠭᠠᠵᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠳᠤ 5 ᠵᠢᠯ ᠤᠨ ᠳᠠᠷᠠᠭ᠎ᠠ ᠪᠤᠴᠠᠭᠠᠵᠤ ᠬᠤᠳᠠᠯᠳᠤᠨ ᠠᠪᠬᠤ ᠪᠠᠷ ᠭᠤᠶᠤᠴᠢᠯᠠᠵᠤ ᠪᠣᠯᠣᠨ᠎ᠠ ᠭᠡᠨ᠎ᠡ᠂ ᠲᠠᠪᠤᠨ ᠵᠢᠯ ᠤᠨ ᠣᠷᠣᠨ ᠰᠠᠭᠤᠴᠠ ᠶᠢᠨ ᠵᠠᠷᠤᠳᠠᠯ ᠢ ᠪᠤᠳᠤᠪᠠᠯ ᠭᠡᠷ ᠲᠦᠷᠢᠶᠡᠰᠦᠯᠡᠬᠦ ᠠᠴᠠ ᠪᠠᠭ᠎ᠠ ᠦᠭᠡᠢ ᠵᠣᠭᠤᠰ ᠠᠷᠪᠢᠯᠠᠨ᠎ᠠ︕ ᠪᠤᠴᠠᠭᠠᠵᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠨᠢ ᠴᠦ ᠮᠠᠨ ᠤ ᠵᠠᠯᠠᠭᠤᠴᠤᠳ ᠲᠤ ᠨᠢᠭᠡ ᠳᠠᠪᠬᠤᠷ ᠪᠠᠲᠤᠯᠠᠭ᠎ᠠ ᠶᠢ ᠨᠡᠮᠡᠭᠳᠡᠭᠦᠯᠪᠡ︾ ᠭᠡᠵᠡᠢ᠃ ᠢᠷᠡᠯᠲᠡ᠄ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1