ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2025 ᠣᠨ ᠤ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠶᠣᠰᠣ ᠰᠤᠷᠲᠠᠬᠤᠨ ᠤ ᠬᠥᠮᠦᠵᠢᠯ ᠤᠨ ᠺᠠᠳ᠋ᠷᠴᠤᠳ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠤᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/3/30
      ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠶᠣᠰᠣ ᠮᠣᠷᠠᠯ ᠤᠨ ᠬᠥᠮᠦᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ ᠤᠨ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠯ ᠲᠠᠢ᠂ ᠨᠥᠬᠦᠷᠰᠡᠭ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠦᠯᠦᠭᠡ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠶᠣᠰᠣ ᠰᠤᠷᠲᠠᠬᠤᠨ ᠤ ᠬᠥᠮᠦᠵᠢᠯ ᠤᠨ ᠺᠠᠳ᠋ᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠤᠯᠪᠠᠰᠤᠷᠠᠯ ᠤᠨ ᠠᠩᠬᠢ ᠡᠷᠬᠢᠯᠡᠵᠦ᠂ ᠪᠥᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠤᠯᠤᠰ ᠲᠥᠷᠥ ᠰᠤᠷᠭᠠᠨ ᠬᠥᠮᠦᠵᠢᠯ ᠤᠨ ᠡᠷᠬᠢᠯᠡᠭᠴᠢ ᠵᠢᠴᠢ ᠠᠩᠭᠢ ᠶᠢᠨ ᠡᠷᠬᠢᠯᠡᠭᠴᠢ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠢ᠃      ᠲᠣᠰ ᠤᠳᠠᠭᠠᠨ ᠤ ᠪᠤᠯᠪᠠᠰᠤᠷᠠᠯ ᠳᠤ ᠪᠥᠬᠦ ᠤᠯᠤᠰ ᠤᠨ ᠨᠠᠷᠠᠲᠤ ᠠᠵᠢᠯᠯᠠᠭᠠᠨ ᠤ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ᠂ ᠪᠠᠭᠰᠢ ᠶᠢᠨ ᠤᠯᠤᠰ ᠤᠨ ᠪᠣᠯᠪᠠᠰᠤᠷᠠᠯ ᠤᠨ ᠲᠥᠯᠥᠪᠯᠡᠭᠡ ᠶᠢᠨ ᠲᠤᠰᠬᠠᠢ ᠮᠡᠷᠭᠡᠵᠢᠯᠲᠡᠨ ᠽᠧᠦ ᠯᠢᠦ ᠭᠧᠨ ᠢ ᠲᠤᠰᠬᠠᠶᠢᠯᠠᠨ ᠤᠷᠢᠵᠤ ᠬᠢᠴᠢᠶᠡᠯ ᠵᠢᠭᠠᠯᠭᠠᠪᠠ᠃ ᠪᠤᠯᠪᠠᠰᠤᠷᠠᠯ ᠨᠢ ᠣᠳᠣᠬᠠᠨ ᠤ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠵᠢᠴᠢ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠭᠦᠯᠵᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠤᠨ ᠴᠢᠩᠭᠠᠷᠠᠯᠲᠠ᠂ ᠰᠣᠷᠣᠭᠴᠢ ᠶᠢᠨ ᠳᠣᠷᠣᠮᠵᠢᠯᠠᠯ ᠢ ᠢᠯᠭᠠᠨ ᠲᠠᠨᠢᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠷᠭ᠎ᠠ ᠪᠣᠳᠣᠯᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠶᠢᠯᠪᠦᠷᠢᠯᠠᠵᠠᠢ᠃      ᠲᠣᠰ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠠᠭᠤᠯᠭ᠎ᠠ ᠨᠢ ᠪᠣᠳᠠᠲᠠᠢ᠂ ᠠᠷᠭ᠎ᠠ ᠨᠢ ᠰᠢᠨ᠎ᠡ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠰᠤᠷᠤᠭᠴᠢᠳ ᠤᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠲᠠᠯ᠎ᠠ ᠶᠢᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠤ ᠬᠠᠮᠲᠤ ᠡᠯ᠎ᠡ ᠰᠤᠷᠭᠠᠭᠤᠯᠢ ᠶᠢ ᠬᠠᠪᠰᠤᠷᠤᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠤᠨ ᠶᠠᠪᠤᠴᠠ ᠶᠢ ᠨᠠᠩ ᠲᠣᠳᠣᠷᠬᠠᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠰ ᠤᠳᠠᠭᠠᠨ ᠤ ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠂ ᠭᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠶᠣᠰᠣ ᠰᠤᠷᠲᠠᠬᠤᠨ ᠤ ᠬᠥᠮᠦᠵᠢᠯ ᠤᠨ ᠨᠡᠪᠴᠢᠯᠲᠡ ᠶᠢ ᠭᠦᠨᠵᠡᠭᠡᠶᠢᠷᠡᠭᠦᠯᠦᠨ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠦᠨᠡᠨ ᠬᠦ ᠪᠠᠳᠤᠯᠠᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠪᠣᠯᠬᠤ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1