ᠲᠣᠭᠲᠠᠬᠤ ᠰᠢᠶᠠᠨ ᠪᠥᠬᠦ ᠬᠤᠲᠠ ᠶᠢᠨ ᠢᠳᠡᠷ ᠥᠲᠡᠯᠦᠭᠡ ᠨᠠᠰᠤᠨ ᠤ ᠬᠥᠮᠥᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2025/3/31
      3 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ᠂ ᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠲᠣᠭᠲᠠᠬᠤ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽2025 ᠣᠨ ᠤ ᠪᠥᠬᠦ ᠬᠤᠲᠠ ᠶᠢᠨ ᠢᠳᠡᠷ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ︾ ᠲᠣᠭᠲᠠᠬᠤ ᠰᠢᠶᠠᠨ ᠤ ᠤᠮᠠᠷᠠᠲᠤ ᠬᠢᠯᠢ ᠶᠢᠨ ᠰᠣᠶᠣᠯ ᠤᠨ ᠣᠷᠳᠣ ᠬᠤᠩᠭᠢᠯ ᠤᠨ ᠶᠦᠨ ᠵᠥᠩ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠳᠡᠯᠭᠡᠷᠡᠭᠦᠯᠵᠦ᠂ ᠢᠳᠡᠷ ᠥᠲᠡᠯᠦᠭᠡ ᠨᠠᠰᠤᠨ ᠤ ᠬᠥᠮᠥᠰ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠶᠤᠮ᠂ ᠪᠥᠬᠦ ᠬᠤᠲᠠ ᠶᠢᠨ 12 ᠲᠥᠯᠥᠭᠡᠯᠡᠭᠴᠢᠳ ᠤᠨ ᠠᠩᠭᠢ ᠰᠣᠯᠢᠯᠴᠠᠭᠠᠨ ᠤ ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ᠂ ᠠᠩᠭᠢ ᠶᠢᠨ ᠭᠡᠰᠢᠭᠦᠳ ᠨᠢᠭᠡᠳᠦᠯᠲᠡᠢ ᠬᠤᠪᠴᠠᠰᠤ ᠡᠮᠦᠰᠴᠦ᠂ ᠢᠷᠠᠭᠤ ᠰᠠᠶᠢᠬᠠᠨ ᠳᠠᠭᠤᠤ ᠬᠥᠭᠵᠢᠮ ᠤᠨ ᠳᠠᠭᠠᠤ ᠳᠤ ᠠᠯᠭᠤᠷ ᠠᠭᠠᠵᠢᠮ ᠢᠶᠠᠷ ᠡᠬᠢᠯᠡᠯᠲᠡ ᠶᠢᠨ ᠪᠠᠶᠢᠳᠠᠯ ᠳᠤ ᠣᠷᠣᠪᠠ᠃ ᠰᠣᠯᠢᠯᠴᠠᠭᠠᠨ ᠤ ᠠᠵᠢᠯᠯᠠᠭ᠎ᠠ ᠳᠤ 8 ᠬᠠᠮᠲᠤ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠷᠥᠯ ᠵᠦᠢᠯ ᠢ ᠲᠣᠬᠢᠷᠠᠭᠤᠯᠪᠠ᠂      ᠲᠣᠰ ᠤᠳᠠᠭᠠᠨ ᠤ ᠠᠵᠢᠯᠯᠠᠭ᠎ᠠ ᠨᠢ ᠢᠳᠡᠷ ᠥᠲᠡᠯᠦᠭᠡ ᠨᠠᠰᠤᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠲᠦ‌‍ᠰ᠊ ‍ᠠᠨᠠᠯ ᠰᠣᠯᠢᠯᠴᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠦᠭᠡᠮᠡᠯᠵᠢᠯᠲᠡ ᠪᠠ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠠᠶᠢᠨ᠎ᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1