︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠭᠦᠭᠡᠬᠤᠲᠠ | ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠭᠦᠭᠡᠬᠤᠲᠠ ᠶᠢᠨ ᠬᠢᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠨᠠᠷᠢᠨ ᠳᠦᠷᠢᠮ ᠢ | ᠨᠡᠶᠢᠲᠡᠯᠪᠡ᠃ | ᠨᠠᠷᠢᠨ ᠳᠦᠷᠢᠮ ᠳᠤ᠂ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠪᠠᠷᠢᠮᠵᠢᠶ᠎ᠠ ᠶᠢᠨ ᠲᠤᠬᠠᠢ᠄ | 1. ᠨᠢᠭᠡ ᠬᠡᠦᠬᠡᠳ ᠠᠪᠬᠤ ᠳᠤ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ | ᠬᠥᠮᠥᠵᠢᠭᠦᠯᠬᠦ ᠨᠥᠬᠦᠪᠦᠷᠢ ᠣᠯᠭᠤᠨ᠎ᠠ︔ | 2. ᠬᠤᠶᠠᠷ ᠬᠡᠦᠬᠡᠳ ᠠᠪᠬᠤ ᠳᠤ 50000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ | ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 5 ᠨᠠᠰᠤ ᠭᠦᠷᠲᠡᠯ᠎ᠡ ᠣᠯᠭᠤᠨ᠎ᠠ︔ | 3. ᠭᠤᠷᠪᠠ ᠵᠢᠴᠢ ᠲᠡᠭᠦᠨ ᠠᠴᠠ ᠳᠡᠭᠡᠭᠰᠢ ᠬᠡᠦᠬᠡᠳ ᠠᠪᠬᠤ ᠳᠤ 100000 ᠲᠥᠭᠦᠷᠢᠭ ᠤᠨ ᠬᠡᠦᠬᠡᠳ | ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 10 ᠨᠠᠰᠤ ᠭᠦᠷᠲᠡᠯ᠎ᠡ | ᠣᠯᠭᠤᠨ᠎ᠠ ᠭᠡᠵᠦ ᠲᠣᠭᠲᠠᠪᠠ᠃ | ᠬᠢᠷᠢ ᠭᠡᠮ ᠢ ᠮᠠᠭᠠᠳᠯᠠᠨ ᠲᠣᠭᠲᠠᠭᠠᠬᠤ ᠲᠤᠬᠠᠢ᠄ | 1 . ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ | ᠦᠷᠡᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠵᠦ ᠬᠡᠦᠬᠡᠳ ᠠᠪᠤᠭᠰᠠᠨ ᠭᠡᠷ ᠪᠦᠯᠢ︔ | 2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ︵3 ᠰᠠᠷ᠎ᠠ ᠶᠢᠨ 1 ᠤ ᠡᠳᠦᠷ ᠪᠠᠭᠲᠠᠨ᠎ᠠ | ︶ ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ︔ | 3. ᠡᠷ᠎ᠡ ᠡᠮ᠎ᠡ ᠬᠤᠶᠠᠷ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠴᠥᠮ ᠭᠦᠭᠡᠬᠤᠲᠠ | ᠪᠤᠶᠤ ᠨᠢᠭᠡ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠭᠦᠭᠡᠬᠤᠲᠠ ᠪᠤᠯᠬᠤ᠂ ᠭᠦᠭᠡᠬᠤᠲᠠ ᠳᠤ | ᠣᠷᠣᠰᠢᠨ ᠰᠠᠭᠤᠵᠤ᠂ ᠠᠵᠢᠯᠯᠠᠵᠤ᠂ ᠠᠮᠢᠳᠤᠷᠠᠵᠤ᠂ ᠬᠥᠮᠥᠨ᠂ ᠭᠡᠷ ᠪᠠᠶᠢᠰᠢᠩ᠂ ᠡᠷᠦᠭᠡ ᠠᠮᠠ ᠨᠢ ᠨᠢᠭᠡᠳᠦᠯᠲᠡᠢ | ᠪᠠᠶᠢᠬᠤ ᠶᠢ ᠱᠠᠭᠠᠷᠳᠠᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠭᠦᠭᠡᠬᠤᠲᠠ ᠳᠤ ᠡᠷᠦᠭᠡ | ᠠᠮᠠ ᠣᠷᠣᠵᠤ ᠪᠠᠶᠢᠭ᠎ᠠ ᠭᠡᠷ ᠪᠦᠯᠢ ᠨᠢ ᠲᠤᠰ ᠨᠥᠬᠦᠪᠦᠷᠢ ᠶᠢ ᠡᠳ᠋ᠯᠡᠵᠦ ᠪᠣᠯᠣᠨ᠎ᠠ ᠭᠡᠵᠦ ᠲᠣᠭᠲᠠᠪᠠ᠃ ︵ᠢᠷᠡᠯᠲᠡ᠄ | ᠭᠦᠭᠡᠬᠤᠲᠠ ᠶᠢᠨ ᠡᠷᠡᠭᠦᠯ ᠬᠠᠭᠠᠮᠠᠯᠠᠯ ᠡᠷᠡᠭᠦᠯ ᠮᠡᠨᠳᠦ ᠶᠢᠨ ᠵᠥᠪᠯᠡᠯ︶ | |