ᠡᠮᠦᠨ᠎ᠡ ᠲᠤᠯᠤᠭᠠᠶᠢᠳᠦ ᠲᠣᠰᠬᠤᠨ ᠳᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠦᠵᠡᠭᠦᠯᠦᠯᠭᠡ ᠶᠢᠨ ᠲᠣᠭᠯᠠᠯᠲᠠ ᠡᠷᠬᠢᠯᠡᠵᠦ ︽ᠪᠤᠭᠤᠷᠤᠯᠴᠤᠳ︾  ᠤᠨ ᠠᠮᠢᠵᠢᠷᠠᠯ ᠤᠨ  ᠬᠦᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2025/3/4
      3 ᠳ᠋ᠤᠠᠭᠷ ᠰᠠᠷ᠎ᠠ ᠶᠢᠨ 1 ᠤ ᠡᠳᠦᠷ ︵ᠪᠢᠯᠢᠭ ᠤᠨ ᠤᠯᠠᠷᠢᠯ ᠤᠨ 2 ᠰᠠᠷ᠎ᠠ ᠶᠢᠨ 2 ᠤᠨ ᠡᠳᠦᠷ︶᠂ ᠬᠥᠬᠡᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠢᠷᠭᠤᠳᠤᠭᠠᠷ ᠠᠵᠢᠯᠯᠠᠬᠤ ᠬᠤᠷᠢᠶ᠎ᠠ ᠲᠣᠭᠲᠠᠬᠤ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠲᠠᠢ ᠬᠠᠮᠲᠤᠷᠠᠨ᠂ ᠡᠮᠦᠨ᠎ᠡ ᠲᠤᠯᠤᠭᠠᠶᠢᠳᠦ ᠲᠣᠰᠬᠤᠨ ᠳᠤ ︽ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢᠨ ᠪᠡᠶ᠎ᠡ ᠴᠢᠭᠢᠷᠠᠭᠵᠢᠭᠤᠯᠬᠤ ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠣᠭᠯᠠᠯᠲᠠ︾ ᠡᠷᠭᠢᠯᠡᠪᠡ᠃ ᠪᠥᠬᠦ ᠰᠢᠶᠠᠨ ᠤ 4 ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ᠂ ᠣᠶᠢᠷ᠎ᠠ ᠬᠠᠪᠢ ᠶᠢᠨ 3 ᠲᠣᠰᠬᠤᠨ ᠤ 7 ᠪᠡᠶ᠎ᠡ ᠴᠢᠭᠢᠷᠠᠭᠵᠢᠭᠤᠯᠬᠤ ᠪᠦᠯᠬᠦᠮ ᠵᠢᠴᠢ ᠰᠢᠶᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠢᠱᠢᠶ᠎ᠡ ᠦᠵᠡᠭᠦᠯᠬᠦ ᠪᠦᠯᠬᠦᠮ ᠤᠨ ᠨᠡᠶᠢᠲᠡ 200 ᠭᠠᠷᠤᠢ ᠬᠥᠮᠥᠨ ᠲᠣᠭᠯᠠᠯᠲᠠ ᠳᠤ ᠣᠷᠣᠯᠴᠠᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠳᠠᠶᠢᠯᠠᠯᠭ᠎ᠠ ᠬᠦᠷᠭᠡᠪᠡ᠃       ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ︾  ᠪᠠᠷ ᠭᠤᠣᠯ ᠰᠡᠳᠦᠪ ᠪᠣᠯᠭᠠᠵᠤ᠂ ᠤᠯᠠᠮᠵᠢᠯᠠᠯᠲᠤ ᠠᠷᠠᠳ ᠤᠨ ᠵᠠᠩ ᠳᠠᠳᠬᠠᠯ ᠪᠣᠯᠣᠨ ᠴᠠᠭ ᠦᠶ᠎ᠡ ᠶᠢᠨ ᠣᠨᠴᠠᠯᠢᠭ ᠢ ᠠᠭᠤᠰᠤᠯᠴᠠᠭᠤᠯᠵᠠᠢ᠃ ᠵᠠᠭᠤᠨ ᠬᠥᠮᠥᠨ ᠤ ᠬᠠᠮᠲᠤ ᠶᠢᠨ ᠪᠥᠵᠢᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ︾ ᠢᠶᠠᠷ ᠬᠥᠰᠢᠭᠡ ᠪᠠᠨ ᠰᠡᠬᠦᠵᠦ᠂ ︽ᠡᠬᠢᠯᠡᠯᠲᠡ ᠶᠢᠨ ᠪᠠᠶᠠᠷ︾ ︽ᠲᠠᠯ᠎ᠠ ᠨᠤᠲᠤᠭ ᠤᠨ ᠠᠷᠢᠬᠢᠨ ᠲᠠᠭᠤᠤ︾ ︽ᠳᠡᠯᠡᠬᠡᠢ ᠳ᠋ᠠᠬᠢᠨ ᠢ ᠳᠣᠩᠰᠣᠯᠭᠠᠮ᠎ᠠ︾ ᠵᠡᠷᠭᠡ 10 ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠪᠥᠵᠢᠭ᠂ ᠶᠠᠩᠭᠠᠷ᠂ ᠮᠠᠨᠵᠤ ᠲᠡᠷᠯᠢᠭ ᠵᠡᠷᠭᠡ ᠬᠡᠯᠪᠡᠷᠢ ᠶᠢ ᠬᠠᠮᠤᠷᠴᠠᠢ᠃ ᠲᠣᠭᠯᠠᠯᠲᠠ ᠳᠤ ᠣᠷᠣᠯᠴᠠᠭᠰᠠᠳ ᠤᠨ ᠳᠤᠮᠳᠠᠴᠢ ᠨᠠᠰᠤ 60 ᠶᠢ ᠳᠠᠪᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠪᠤᠭᠤᠷᠤᠯᠴᠤᠳ ᠤᠨ ᠴᠤᠭ ᠵᠢᠪᠬᠤᠭ᠎ᠠ︾ ᠶᠢ ᠳᠡᠯᠭᠡᠨ ᠦᠵᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠪᠡᠶ᠎ᠡ ᠴᠢᠭᠢᠷᠠᠭᠵᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠰᠢᠨᠵᠢᠯᠡᠬᠦ ᠤᠬᠠᠭᠠᠨ ᠤ ᠬᠥᠳᠡᠯᠭᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ ᠵᠠᠭᠤ ᠰᠢᠬᠠᠮ ᠲᠣᠰᠬᠤᠨ ᠤ ᠠᠷᠠᠳ ᠢ ᠬᠠᠷᠢᠯᠴᠠᠨ ᠬᠥᠳᠡᠯᠦᠯᠴᠡᠬᠦ ᠳᠤ ᠣᠷᠣᠯᠴᠠᠭᠤᠯᠵᠠᠢ᠃      ᠲᠣᠰ ᠤᠳᠠᠭᠠᠨ ᠤ ᠠᠵᠢᠯᠯᠠᠭ᠎ᠠ ᠪᠣᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ ᠵᠡᠷᠭᠡᠯᠡᠳᠡᠭᠡ ᠲᠣᠰᠬᠤᠨ ᠢᠶᠠᠨ ᠨᠥᠯᠥᠭᠡᠯᠡᠨ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠪᠠᠷ ᠲᠦᠰᠢᠭ ᠪᠣᠯᠭᠠᠵᠤ᠂ ᠵᠢᠯ ᠤᠨ ᠳᠣᠲᠣᠷ᠎ᠠ 3 ᠲᠣᠰᠬᠤᠨ ᠤ ᠲᠠᠰ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠴᠡᠭ ᠢ ᠰᠢᠨ᠎ᠡ ᠪᠠᠷ ᠨᠡᠮᠡᠵᠦ᠂ ︽ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ︾ ᠪᠤᠯᠪᠠᠰᠤᠷᠠᠯ ᠢ 20 ᠲᠠᠯᠠᠪᠤᠷ ᠥᠷᠨᠢᠭᠦᠯᠬᠦ ᠶᠢᠨ ᠬᠠᠮᠲᠤ ᠪᠥᠬᠦ ᠰᠢᠶᠠᠨ ᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠰᠣᠯᠢᠯᠴᠠᠭᠠᠨ ᠤ ᠤᠷᠤᠯᠳᠤᠭᠠᠨ ᠢ ᠡᠷᠭᠢᠯᠡᠵᠦ᠂ ︽ᠥᠲᠡᠯᠪᠡᠯ ᠴᠡᠩᠭᠡᠯ ᠲᠠᠢ᠂ ᠥᠲᠡᠯᠪᠡᠯ ᠡᠷᠡᠭᠦᠯ ᠮᠡᠨᠳᠦ ︾ ᠪᠠᠶᠢᠬᠤ ᠶᠢ ᠠᠬᠢᠭᠤᠯᠤᠨ ᠨᠠᠩ ᠣᠯᠠᠨ ᠲᠦᠮᠡᠨ ᠳᠤ ᠠᠰᠢᠭ ᠬᠦᠷᠲᠡᠭᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1