ᠲᠣᠭᠲᠠᠬᠤ ᠰᠢᠶᠠᠨ 2025 ᠣᠨ ᠤ ︽ᠯᠧᠢ ᠹᠧᠩ · ᠪᠣᠯᠪᠠᠰᠤᠨ ᠢᠶᠠᠷ ᠥᠪᠡᠷ ᠢ ᠪᠠᠨ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/3/4
      ᠯᠧᠢ ᠹᠧᠩ ᠠᠴᠠ ᠰᠤᠷᠤᠯᠴᠠᠬᠤ 62 ᠳ᠋ᠤᠭᠠᠷ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ   ᠶᠢ ᠪᠠᠳᠠᠷᠠᠭᠤᠯᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠨᠳᠤᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 4 ᠤ ᠡᠳᠦᠷ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠴᠧᠩ ᠭᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠰᠢᠶᠠᠨ ᠤ ᠨᠡᠶᠢᠭᠡᠮ ᠤᠨ ᠠᠵᠤ ᠦᠢᠯᠡᠳᠪᠦᠷᠢ ᠶᠢᠨ ᠶᠠᠮᠤᠨ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠤᠯᠪᠤᠭᠠᠯᠠᠨ ᠴᠧᠩ ᠭᠤᠸᠠᠨ ᠨᠡᠶᠢᠭᠡᠮ ᠲᠣᠭᠤᠷᠢᠭ ᠲᠤ ︽ᠯᠧᠢ ᠹᠧᠩ · ᠪᠣᠯᠪᠠᠰᠤᠨ ᠢᠶᠠᠷ ᠥᠪᠡᠷ ᠢ ᠪᠠᠨ ᠦᠢᠯᠡᠳᠦᠯᠭᠡᠵᠢᠭᠦᠯᠬᠦ ᠠᠵᠢᠯᠯᠠᠭ᠎ᠠ︾ ᠪᠠᠷ ᠭᠤᠣᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠠᠭᠤᠭᠠᠯᠢ ᠠᠷᠠᠳ ᠲᠤ ᠡᠯ᠎ᠡ ᠲᠦᠷᠦᠯ ᠤᠨ ᠦᠢᠯᠡᠴᠢᠯᠡᠭᠡ ᠬᠠᠩᠭᠠᠵᠤ ᠪᠠᠶᠢᠯ᠎ᠠ᠃ ᠠᠯᠪᠠᠨ ᠵᠢᠷᠤᠮ ᠤᠨ ᠡᠮᠴᠢᠯᠡᠭᠡᠨ ᠤ ᠣᠷᠣᠨ ᠪᠦᠰᠡ ᠳᠤ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠦᠯᠬᠦᠮ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠵᠠᠬᠢᠶᠠᠯᠠᠭ᠎ᠠ ᠶᠢᠨ ᠬᠤᠭᠤᠯᠠᠨ ᠤ ᠠᠵᠢᠯᠲᠠᠨ ᠳᠤ ᠴᠢᠰᠤᠨ ᠳᠠᠷᠤᠯᠲᠠ ᠶᠢ ᠬᠡᠮᠵᠢᠬᠦ᠂ ᠢᠯᠢᠵᠦ ᠨᠤᠬᠤᠯᠠᠬᠤ ᠪᠠᠭᠠᠵᠢ ᠬᠡᠷᠡᠭᠰᠡᠯ ᠢ ᠪᠡᠶᠡᠴᠢᠯᠡᠨ ᠣᠶᠢᠯᠠᠭᠠᠬᠤ᠂ ᠪᠠᠯᠴᠢᠷ ᠢ ᠢᠯᠢᠵᠦ ᠨᠤᠬᠤᠯᠠᠬᠤ᠂ ᠮᠣᠩᠭᠤᠯ ᠡᠮᠴᠢᠯᠡᠭᠡᠨ ᠤ ᠠᠰᠠᠭᠤᠨ ᠣᠨᠣᠰᠢᠯᠠᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠰᠠᠨᠠᠭᠤᠯᠭ᠎ᠠ ᠥᠭᠴᠦ᠂ ᠰᠠᠭᠤᠭᠠᠯᠢ ᠠᠷᠠᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠠᠩᠬᠠᠷᠬᠤ ᠬᠡᠮᠵᠢᠶ᠎ᠡ ᠪᠠ ᠲᠠᠨᠢᠨ ᠮᠡᠳᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ ᠪᠣᠳᠠᠲᠤ ᠪᠡᠶ᠎ᠡ ᠶᠢᠨ ᠲᠠᠮᠢᠷ ᠤᠨ ᠣᠷᠣᠨ ᠪᠦᠰᠡ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠰᠢᠨ᠎ᠡ ᠠᠵᠢᠯ ᠣᠯᠣᠭᠰᠠᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠤᠷ᠎ᠠ ᠴᠢᠳᠠᠪᠤᠷᠢ ᠶᠢᠨ ᠪᠤᠯᠪᠠᠰᠤᠷᠠᠯ ᠬᠢᠵᠦ᠂ ᠣᠨᠣᠯ ᠤᠨ ᠲᠠᠶᠢᠯᠤᠮᠵᠢ ᠪᠠ ᠪᠣᠳᠠᠲᠤ ᠪᠡᠶ᠎ᠡ ᠶᠢᠨ ᠲᠠᠮᠢᠷ ᠤᠨ ᠰᠣᠷᠢᠯᠲᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠠᠴᠢᠮ ᠪᠠᠶᠢᠳᠠᠯ ᠤᠨ ᠳᠣᠣᠷᠠᠬᠢ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠦᠰᠦ ᠵᠠᠰᠠᠭᠴᠢ ᠶᠢᠨ ᠰᠠᠶᠢᠨ ᠳᠤᠷ᠎ᠠ ᠶᠢᠨ ᠠᠵᠢᠯᠯᠠᠭᠴᠢ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠬᠤ ᠦᠢᠯᠡᠴᠢᠯᠡᠭᠡ ᠬᠠᠩᠭᠠᠪᠠ᠃ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠰᠠᠳ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠪᠣᠯᠪᠠᠰᠤᠨ ᠣᠨᠣᠯᠵᠢᠬᠤᠨ ᠢ ᠳᠡᠯᠭᠡᠷᠡᠭᠦᠯᠦᠨ ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠳᠤ ᠣᠷᠣᠯᠴᠠᠬᠤ ᠶᠢ ᠵᠤᠷᠢᠭᠵᠢᠭᠤᠯᠪᠠ᠃ ᠬᠠᠤᠯᠢ ᠴᠠᠭᠠᠵᠠ ᠶᠢᠨ ᠲᠣᠪᠴᠢᠶ᠎ᠠ ᠪᠠ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠴᠢᠳ ᠲᠣᠰ ᠲᠣᠰ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠦᠷᠨᠢᠭᠦᠯᠵᠡᠢ᠃      ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠪᠣᠳᠠᠲᠠᠢ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠭᠦᠨ ᠭᠦᠨᠵᠡᠭᠡᠢ ᠣᠶᠤᠨ ᠰᠠᠨᠠᠭᠠᠨ ᠤ ᠤᠬᠢᠶᠠᠯ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠴᠧᠩ ᠭᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠯᠧᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠵᠠᠯᠭᠠᠮᠵᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠠᠵᠢᠯᠯᠠᠭ᠎ᠠ ᠶᠢᠨ ᠬᠡᠯᠪᠡᠷᠢ ᠶᠢ ᠰᠢᠨ᠎ᠡ ᠪᠠᠷ ᠡᠭᠦᠳᠴᠦ᠂ ᠡᠶ᠎ᠡ ᠵᠣᠬᠢᠴᠠᠯ ᠲᠠᠢ ᠨᠡᠶᠢᠭᠡᠮ᠂ ᠵᠣᠯ ᠵᠢᠷᠭᠠᠯᠲᠤ ᠨᠡᠶᠢᠭᠡᠮ ᠲᠣᠭᠤᠷᠢᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1