ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠲᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/4
      2 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2025 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ 2024 ᠣᠨ ᠤ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠢ ᠮᠡᠳᠡᠭᠳᠡᠪᠡ︔ 2025 ᠣᠨ ᠤ ᠪᠥᠬᠦ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠬᠢᠭᠡᠳ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ  ᠲᠤᠭᠳᠠᠭᠠᠭᠰᠠᠨ︾  ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠡᠭᠦᠷᠭᠡ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠰᠢᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠤᠳᠠᠳᠠᠶᠢᠵᠢᠭᠤᠯᠵᠦ᠂ ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠬᠥᠭᠵᠢᠯᠲᠡ ᠶᠢ ᠠᠬᠢᠭᠤᠯᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ ᠪᠣᠯᠪᠠᠰᠤᠨ ᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ᠂ ᠣᠷᠣᠨ ᠤ ᠲᠥᠪ ᠤᠨ ᠲᠡᠷᠢᠭᠦᠨ ᠪᠠᠶᠢᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠢ ᠬᠠᠩᠭᠠᠨ᠎ᠠ ᠭᠡᠵᠦ ᠵᠢᠭᠠᠨ ᠭᠠᠷᠭᠠᠪᠠ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1