ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ 2025 ᠣᠨ ᠤ 1 ᠳ᠋ᠤᠭᠡᠷ | ᠰᠠᠷ᠎ᠠ ᠶᠢᠨ 70 ᠲᠣᠮᠣ ᠳᠤᠮᠳᠠ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ | ᠦᠨ᠎ᠡ ᠶᠢᠨ ᠬᠤᠪᠢᠷᠠᠯᠲᠠ ᠶᠢᠨ ᠪᠠᠶᠢᠳᠠᠯ ᠢ ᠨᠡᠶᠢᠲᠡᠯᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | ᠨᠢᠭᠡᠳᠦᠭᠡᠷ ᠳᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ | ᠰᠠᠷ᠎ᠠ ᠶᠢᠨ ᠬᠢ ᠠᠴᠠ ᠦᠷᠭᠦᠯᠵᠢᠯᠡᠨ ᠥᠰᠴᠦ᠂ ᠬᠤᠶᠠᠳᠤᠭᠠᠷ ᠭᠤᠷᠪᠠᠳᠤᠭᠠᠷ ᠳᠡᠰ ᠤᠨ ᠬᠤᠲᠠ ᠶᠢᠨ ᠬᠢᠨ | ᠶᠡᠷᠦᠩᠬᠡᠢ ᠳᠡᠭᠡᠨ ᠲᠦᠷᠦᠭᠦᠸ ᠰᠠᠷ᠎ᠠ ᠶᠢᠨ ᠬᠢ ᠠᠴᠠ ᠵᠢᠭᠠᠬᠠᠨ ᠪᠠᠭᠤᠷᠠᠪᠠ︔ ᠨᠢᠭᠡᠳᠦᠭᠡᠷ ᠬᠤᠶᠠᠳᠤᠭᠠᠷ | ᠭᠤᠷᠪᠠᠳᠤᠭᠠᠷ ᠲᠡᠰ ᠤᠨ ᠬᠤᠲᠠ ᠶᠢᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠴᠥᠮ | ᠦᠷᠭᠦᠯᠵᠢᠯᠡᠨ ᠪᠠᠭᠠᠰᠤᠭᠰᠠᠨ ᠪᠠᠶᠢᠨ᠎ᠠ᠃ | ᠵᠠᠳᠠᠯᠤᠭᠴᠢᠳ ᠤᠨ ᠦᠵᠡᠬᠦ ᠪᠠᠷ᠂ ᠰᠢᠨ᠎ᠡ ᠵᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠲᠤ ︽ᠪᠠᠭᠤᠷᠠᠬᠤ ᠶᠢ ᠵᠤᠭᠰᠤᠭᠠᠵᠤ ᠳᠠᠬᠢᠨ ᠲᠣᠭᠲᠠᠪᠤᠷᠢᠵᠢᠬᠤ︾ ᠪᠠᠶᠢᠳᠠᠯ ᠢᠯᠡᠷᠬᠡᠢ ᠪᠤᠯᠵᠦ᠂ ᠵᠠᠬ᠎ᠠ | ᠳᠡᠯᠭᠡᠭᠦᠷ ᠤᠨ ᠢᠲᠡᠭᠡᠯ ᠵᠣᠷᠢᠭ ᠲᠣᠭᠲᠠᠭᠤᠨ ᠢᠶᠠᠷ ᠰᠡᠷᠭᠦᠬᠦ ᠱᠠᠲᠤᠨ ᠳᠤ ᠤᠷᠤᠵᠤ᠂ ᠭᠤᠣᠯᠯᠠᠭᠴᠢ ᠬᠤᠲᠠ ᠶᠢᠨ | ᠰᠢᠯᠢᠳᠡᠭ ᠬᠡᠰᠡᠭ ᠲᠤ ᠤᠶᠠᠨ ᠬᠠᠲᠠᠨ ᠴᠢᠨᠠᠷ ᠢᠯᠡᠷᠡᠵᠦ᠂ ᠨᠢᠭᠡᠳᠦᠭᠡᠷ ᠤᠯᠠᠷᠢᠯ ᠳᠤ ᠭᠡᠷ ᠪᠠᠶᠢᠰᠢᠩ ᠤᠨ ᠵᠠᠬ᠎ᠠ | ᠳᠡᠯᠭᠡᠭᠦᠷ ᠰᠠᠶᠢᠨ ᠡᠬᠢᠯᠡᠯᠲᠡ ᠲᠠᠢ ᠪᠣᠯᠬᠤ ᠪᠣᠯᠣᠮᠵᠢ ᠲᠠᠢ ᠪᠠᠶᠢᠨ᠎ᠠ᠃ | ᠬᠤᠶᠠᠳᠤᠭᠠᠷ ᠳᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠦᠨ᠎ᠡ ᠵᠢᠯ ᠬᠠᠭᠠᠰ ᠤᠨ | ᠬᠤᠭᠤᠴᠠᠭᠠᠨ ᠳᠤ ᠠᠩᠬ᠎ᠠ ᠤᠳᠠᠭ᠎ᠠ ᠥᠰᠴᠡᠢ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠪᠡᠯ᠂ | 1 ᠳ᠋ᠤᠭᠡᠷᠡ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ | ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1 | % ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.1% ᠢᠶᠠᠷ ᠪᠠᠭᠤᠷᠠᠵᠠᠢ᠃ | ᠡᠭᠦᠨ ᠳᠤ ᠪᠡᠭᠡᠵᠢᠩ 0.4% ᠪᠠᠷ ᠪᠠᠭᠤᠷᠠᠵᠤ᠂ ᠭᠤᠸᠠᠩᠵᠸᠦ ᠦᠰᠦᠭᠰᠡᠨ ᠦᠭᠡᠢ ᠪᠠᠭᠤᠷᠠᠭᠰᠠᠨ ᠦᠭᠡᠢ᠂ | ᠱᠠᠩᠬᠠᠢ ᠪᠣᠯᠣᠨ ᠱᠧᠨᠵᠧᠨ ᠲᠣᠰ ᠲᠣᠰ 0.6% ᠪᠠ 0.2% ᠢᠶᠠᠷ ᠥᠰᠴᠡᠢ᠃ ᠨᠢᠭᠡᠳᠦᠭᠡᠷ ᠲᠡᠰ ᠤᠨ | ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ | ᠬᠢ ᠠᠴᠠ 0.1% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.2 % | ᠢᠶᠠᠷ ᠪᠠᠭᠤᠷᠠᠪᠠ᠃ ᠡᠭᠦᠨ ᠳᠤ᠂ ᠪᠡᠭᠡᠵᠢᠩ᠂ ᠱᠠᠩᠬᠠᠢ ᠪᠠ ᠱᠧᠨᠵᠧᠨ ᠲᠣᠰ ᠲᠣᠰ 0.1%᠂ 0.4% ᠪᠠ 0. | 4% ᠪᠠᠷ ᠥᠰᠴᠦ᠂ ᠭᠤᠸᠠᠩᠵᠸᠦ 0.2% ᠢᠶᠠᠷ ᠪᠠᠭᠤᠷᠠᠪᠠ᠃ | ᠬᠤᠶᠠᠳᠤᠭᠠᠷ ᠭᠤᠷᠪᠠᠳᠤᠭᠠᠷ ᠳᠡᠰ ᠤᠨ ᠬᠤᠲᠠ ᠳᠤ᠂ 1 ᠳ᠋ᠤᠭᠡᠷ ᠰᠠᠷ᠎ᠠ ᠳᠤ ᠬᠤᠶᠠᠳᠤᠭᠠᠷ ᠳᠡᠰ ᠤᠨ ᠬᠤᠲᠠ | ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠦ | ᠰᠠᠷ᠎ᠠ ᠶᠢᠨ ᠬᠢ ᠲᠠᠢ ᠠᠳᠠᠯᠢ ᠪᠠᠶᠢᠭᠰᠠᠨ ᠠᠴᠠ ᠪᠠᠨ 0.1% ᠥᠰᠴᠡᠢ᠃ ᠳᠤᠷᠠᠳᠤᠭᠤᠰᠢᠲᠠᠢ ᠵᠦᠢᠯ ᠭᠡᠪᠡᠯ᠂ ᠡᠨᠡ | ᠪᠣᠯ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ | ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 2023 ᠣᠨ ᠤ 6 ᠰᠠᠷ᠎ᠠ ᠠᠴᠠ ᠨᠠᠰᠢᠬᠢ | 19 ᠰᠠᠷ᠎ᠠ ᠶᠢᠨ ᠳᠠᠷᠠᠭ᠎ᠠ ᠠᠩᠬ᠎ᠠ ᠤᠳᠠᠭ᠎ᠠ ᠥᠰᠴᠦ ᠪᠠᠶᠢᠭ᠎ᠠ ᠶᠠᠪᠤᠳᠠᠯ ᠮᠥᠨ᠂ ᠡᠭᠦᠨ ᠢ ᠬᠤᠶᠠᠳᠤᠭᠠᠷ ᠳᠡᠰ ᠤᠨ | ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢᠳᠡᠭ ᠢᠳᠡᠭ ᠢᠶᠠᠷ ᠰᠠᠶᠢᠵᠢᠷᠠᠭᠰᠠᠨ ᠤ | ᠳᠣᠬᠢᠶ᠎ᠠ ᠮᠥᠨ ᠭᠡᠵᠦ ᠦᠵᠡᠵᠦ ᠪᠤᠯᠤᠨ᠎ᠠ᠃ | ᠵᠢᠱᠢᠶᠡᠯᠡᠪᠡᠯ᠂ ᠨᠠᠨᠵᠢᠩ᠂ ᠴᠧᠩᠳᠦ᠋ ᠶᠢᠨ 1 ᠳ᠋ᠤᠭᠡᠷ ᠰᠠᠷ᠎ᠠ ᠶᠢᠨ ᠰᠢᠨ᠎ᠡ ᠭᠡᠷ ᠪᠠᠶᠢᠰᠢᠩ ᠤᠨ | ᠦᠨ᠎ᠡ ᠲᠦᠷᠦᠭᠦᠸ ᠰᠠᠷ᠎ᠠ ᠶᠢᠨ ᠬᠢ ᠠᠴᠠ ᠴᠥᠮ 0.7% ᠪᠠᠷ ᠥᠰᠴᠦ᠂ ᠨᠢᠩᠪᠦ᠋ᠸᠧ᠂ ᠦᠬᠠᠨ᠂ ᠥᠰᠢ ᠵᠡᠷᠭᠡ | ᠭᠠᠵᠠᠷ ᠲᠦᠷᠦᠭᠦᠸ ᠰᠠᠷ᠎ᠠ ᠶᠢᠨ ᠬᠢ ᠠᠴᠠ ᠥᠰᠦᠭᠰᠡᠨ ᠬᠡᠮᠵᠢᠶ᠎ᠡ ᠨᠢ 5% ︵ᠪᠠᠭᠲᠠᠨ᠎ᠠ︶ ᠶᠢ ᠳᠠᠪᠠᠵᠤ᠂ ᠬᠠᠶᠢᠺᠧᠦ | ᠂ ᠴᠦᠩᠴᠢᠩ ᠲᠦᠷᠦᠭᠦᠸ ᠰᠠᠷ᠎ᠠ ᠶᠢᠨ ᠬᠢ ᠠᠴᠠ ᠥᠰᠦᠭᠰᠡᠨ ᠬᠡᠮᠵᠢᠶ᠎ᠡ ᠨᠢ 0.4% ᠬᠦᠷᠴᠡᠢ᠃ | ︽ᠬᠤᠶᠠᠳᠤᠭᠠᠷ ᠳᠡᠰ ᠤᠨ ᠬᠤᠲᠠ ᠶᠢᠨ ᠰᠢᠨ᠎ᠡ ᠭᠡᠷ ᠪᠠᠶᠢᠰᠢᠩ ᠤᠨ ᠦᠨ᠎ᠡ ᠳᠡᠭᠡᠷ᠎ᠡ ᠰᠠᠷ᠎ᠠ ᠶᠢᠨ ᠬᠢ ᠲᠠᠢ | ᠬᠠᠷᠢᠴᠠᠭᠤᠯᠪᠠᠯ ᠲᠡᠩᠴᠡᠭᠦᠦ ᠪᠠᠶᠢᠭᠰᠠᠨ ᠠᠴᠠ ᠪᠠᠨ 0.1% ᠥᠰᠴᠡᠢ᠂ ᠨᠠᠨᠵᠢᠩ ᠬᠠᠩᠵᠧᠦ ᠴᠧᠩᠳᠦ᠋ ᠦᠬᠠᠨ | ᠵᠡᠷᠭᠡ ᠬᠤᠲᠠ ᠪᠣᠯ ᠲᠤᠰ ᠡᠭᠡᠯᠵᠢ ᠶᠢᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ | ᠲᠣᠯᠣᠭᠠᠶᠢᠯᠠᠭᠴᠢ ᠬᠤᠲᠠ ᠮᠥᠨ︾ ᠭᠡᠵᠦ 58 ᠠᠨ ᠵᠢᠦᠢ ᠺᠧ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠠᠩ | ᠪᠥᠸᠧ ᠬᠡᠯᠡᠪᠡ᠃ | ᠴᠧᠩᠳᠦ᠋ ᠪᠠᠷ ᠵᠢᠱᠢᠶᠡᠯᠡᠪᠡᠯ᠂ ᠲᠡᠭᠦᠨ ᠤ ᠰᠢᠨ᠎ᠡ ᠭᠡᠷ ᠪᠠᠶᠢᠰᠢᠩ ᠤᠨ ᠦᠨ᠎ᠡ ᠨᠢ 2024 ᠣᠨ ᠤ 11 | ᠳ᠋ᠤᠭᠡᠷ ᠰᠠᠷ᠎ᠠ ᠳᠤ ᠲᠦᠷᠦᠭᠦᠸ ᠰᠠᠷ᠎ᠠ ᠶᠢᠨ ᠬᠢ ᠠᠴᠠ ᠪᠠᠨ ᠥᠰᠦᠭᠰᠡᠨ ᠠᠴᠠ ᠨᠠᠰᠢ᠂ ᠭᠤᠷᠪᠠᠨ ᠰᠠᠷ᠎ᠠ ᠳᠠᠷᠠᠭᠠᠯᠠᠨ | ᠦᠨ᠎ᠡ ᠥᠰᠴᠦ᠂ ᠥᠰᠦᠭᠰᠡᠨ ᠬᠡᠮᠵᠢᠶ᠎ᠡ ᠨᠢ ᠲᠣᠰ ᠲᠣᠰ 0.5%᠂ 0.6%᠂ 0.7% ᠪᠠᠶᠢᠵᠤ᠂ ᠲᠤᠬᠠᠢ ᠶᠢᠨ | ᠭᠠᠵᠠᠷ ᠤᠨ ᠵᠠᠬ᠎ᠠ ᠳᠡᠯᠭᠡᠭᠦᠷ ᠤᠨ ᠢᠲᠡᠭᠡᠯ ᠤᠨ ᠢᠳᠡᠭ ᠢᠳᠡᠭ ᠢᠶᠠᠷ ᠰᠡᠷᠭᠦᠭᠰᠡᠨ ᠪᠠ ᠭᠡᠷ ᠪᠠᠶᠢᠰᠢᠩ ᠬᠤᠳᠠᠯᠳᠤᠨ | ᠠᠪᠬᠤ ᠬᠡᠷᠡᠭᠴᠡᠭᠡ ᠲᠣᠭᠲᠠᠭᠤᠨ ᠢᠶᠠᠷ ᠨᠡᠮᠡᠭᠳᠡᠭᠰᠡᠨ ᠢ ᠬᠠᠷᠠᠭᠤᠯᠵᠤ ᠪᠠᠶᠢᠨ᠎ᠠ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠴᠧᠩᠳᠦ᠋ ᠶᠢᠨ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠯᠠᠭᠤᠷᠠᠯ ᠨᠡᠯᠢᠶᠡᠳ ᠲᠦᠷᠭᠡᠨ ᠳᠡᠭᠡᠭᠰᠢᠯᠡᠪᠡ᠃ ᠴᠠᠭᠠᠨ | ᠰᠠᠷ᠎ᠠ ᠶᠢᠨ ᠤᠷᠢᠳ ᠬᠤᠵᠢᠳ ᠢᠶᠠᠷ ᠴᠧᠩᠳᠦ᠋ ᠬᠤᠲᠠ ᠶᠢᠨ ᠴᠧᠩ ᠬᠤᠸᠠ ᠲᠣᠭᠤᠷᠢᠭ ᠤᠨ ᠬᠤᠶᠠᠷ ᠬᠡᠰᠡᠭ ᠭᠠᠵᠠᠷ | ᠰᠢᠷᠣᠢ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 20400 ᠲᠥᠭᠦᠷᠢᠭ ᠪᠠ 17700 ᠲᠥᠭᠦᠷᠢᠭ ᠤᠨ | ᠦᠨ᠎ᠡ ᠪᠠᠷ ᠠᠷᠠᠯᠵᠢᠶ᠎ᠠ ᠪᠦᠲᠦᠬᠦ ᠶᠢ ᠳᠠᠭᠠᠯᠳᠤᠨ ᠴᠧᠩᠳᠦ᠋ ᠶᠢᠨ ᠭᠤᠣᠯ ᠬᠤᠲᠠ ᠶᠢᠨ ᠵᠠᠬ᠎ᠠ ᠳᠡᠯᠭᠡᠭᠦᠷ ᠤᠨ | ᠬᠠᠯᠠᠮᠰᠢᠯ ᠨᠡᠮᠡᠭᠳᠡᠵᠦ᠂ ᠬᠡᠷᠡᠭᠯᠡᠭᠴᠢᠳ ᠤᠨ ᠢᠲᠡᠭᠡᠯ ᠴᠦ ᠳᠡᠭᠡᠭᠰᠢᠯᠡᠪᠡ᠃ ᠴᠢᠨᠠᠷ ᠰᠠᠶᠢᠲᠠᠢ ᠰᠠᠶᠢᠵᠢᠷᠠᠭᠤᠯᠬᠤ | ᠴᠢᠨᠠᠷᠳᠠᠢ ᠲᠦᠷᠦᠯ ᠵᠦᠢᠯ ᠨᠢ ᠵᠠᠬ᠎ᠠ ᠳᠡᠯᠭᠡᠭᠦᠷ ᠲᠤ ᠬᠦᠭᠡᠭᠡᠴᠡᠯᠳᠦᠯ ᠪᠤᠯᠵᠦ ᠪᠠᠶᠢᠨ᠎ᠠ᠃ ᠴᠧᠩᠳᠦ᠋ ᠶᠢᠨ ᠭᠤᠣᠯ | ᠬᠤᠳᠠ ᠶᠢᠨ ᠲᠣᠭᠤᠷᠢᠭ ᠲᠤ ᠪᠠᠶᠢᠭ᠎ᠠ ᠶᠦᠸᠧ ᠰᠢᠦ · ᠸᠠᠩ ᠶᠦᠸᠧ ᠲᠦᠷᠦᠯ ᠵᠦᠢᠯ ᠤᠨ ᠭᠠᠭᠴᠠ ᠭᠠᠷᠠᠭ ᠤᠨ | ᠠᠶᠢᠯᠴᠢᠯᠠᠯᠲᠠ ᠶᠢᠨ ᠬᠡᠮᠵᠢᠶ᠎ᠡ 300 ᠳᠤᠭᠤᠶᠢᠯᠠᠩ ᠢ ᠳᠠᠪᠠᠵᠤ᠂ ᠠᠶᠢᠯᠴᠢᠯᠠᠯᠲᠠ ᠶᠢᠨ ᠬᠡᠮᠵᠢᠶ᠎ᠡ ᠳᠡᠭᠡᠷ᠎ᠡ ᠰᠠᠷ᠎ᠠ ᠶᠢᠨ | ᠬᠢ ᠠᠴᠠ ᠪᠠᠨ 34% ᠢᠶᠠᠷ ᠨᠡᠮᠡᠭᠳᠡᠪᠡ︔ ᠨᠢᠭᠡ ᠭᠠᠷᠠᠭ ᠲᠤ ᠬᠤᠳᠠᠯᠳᠤᠨ ᠠᠪᠤᠭᠰᠠᠨ ᠬᠡᠮᠵᠢᠶ᠎ᠡ 10 ᠢᠵᠢ ᠶᠢ | ᠳᠠᠪᠠᠵᠤ᠂ ᠬᠤᠳᠠᠯᠳᠤᠨ ᠠᠪᠤᠭᠰᠠᠨ ᠬᠡᠮᠵᠢᠶ᠎ᠡ ᠲᠦᠷᠦᠭᠦᠸ ᠰᠠᠷ᠎ᠠ ᠶᠢᠨ ᠬᠢ ᠠᠴᠠ ᠪᠠᠨ 46% ᠪᠠᠷ ᠨᠡᠮᠡᠭᠳᠡᠵᠡᠢ᠃ | ᠴᠠᠭᠠᠨ ᠰᠠᠷ᠎ᠠ ᠠᠴᠠ ᠣᠲᠣ ᠪᠣᠯᠲᠠᠯ᠎ᠠ᠂ ᠴᠧᠩᠳᠦ᠋ ᠬᠤᠲᠠ ᠶᠢᠨ ᠡᠮᠦᠨᠡᠬᠢ ᠢ ᠰᠢᠨ ᠬᠤ᠋ ᠨᠠᠭᠤᠷ ᠲᠤ ᠪᠠᠶᠢᠭ᠎ᠠ | ᠶᠦᠸᠧ ᠰᠢᠸ · ᠬᠤ᠋ ᠢᠦᠢ ᠪᠠᠢ ᠲᠥᠷᠥᠯ ᠵᠦᠢᠯ ᠤᠨ ᠭᠠᠷᠠᠭ ᠲᠤ ᠳᠤᠮᠳᠠᠴᠢ ᠪᠠᠷ 400 ᠳᠤᠭᠤᠶᠢᠯᠠᠩ ᠣᠷᠴᠢᠮ | ᠵᠤᠴᠢᠨ ᠡᠷᠦᠬᠡ ᠶᠢ ᠬᠦᠯᠢᠶᠡᠨ ᠠᠪᠴᠦ᠂ ᠭᠠᠷᠠᠭ ᠲᠤ ᠳᠤᠮᠳᠠᠴᠢ ᠪᠠᠷ 10 ᠢᠵᠢ ᠠᠴᠠ ᠳᠡᠭᠡᠭᠰᠢ ᠠᠷᠠᠯᠵᠢᠶ᠎ᠠ | ᠪᠦᠳᠦᠵᠦ᠂ 143 — 178 ᠲᠡᠭᠰᠢ ᠳᠥᠷᠪᠡᠯᠵᠢᠨ ᠮᠧᠲᠷ ᠤᠨ ᠰᠠᠶᠢᠵᠢᠷᠠᠭᠤᠯᠬᠤ ᠴᠢᠨᠠᠷᠳᠠᠢ ᠭᠡᠷ ᠪᠠᠶᠢᠰᠢᠩ ᠪᠠᠷ | ᠭᠤᠣᠯ ᠪᠣᠯᠭᠠᠭᠰᠠᠨ ᠪᠥᠭᠡᠳ ᠴᠧᠩᠳᠦ᠋ ᠶᠢᠨ ᠰᠠᠶᠢᠵᠢᠷᠠᠭᠤᠯᠬᠤ ᠴᠢᠨᠠᠷᠳᠠᠢ ᠰᠢᠨ᠎ᠡ ᠭᠡᠷ ᠪᠠᠶᠢᠰᠢᠩ ᠤᠨ ᠵᠠᠬ᠎ᠠ | ᠳᠡᠯᠭᠡᠭᠦᠷ ᠤᠨ ᠴᠢᠩᠭ᠎ᠠ ᠬᠦᠴᠦᠲᠡᠢ ᠬᠡᠷᠡᠭᠴᠡᠭᠡ ᠶᠢ ᠭᠡᠷᠡᠴᠢᠯᠡᠭᠰᠡᠨ ᠪᠠᠶᠢᠨ᠎ᠠ᠃ | ᠣᠯᠠᠨ ᠭᠠᠵᠠᠷ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ ᠬᠠᠩᠰᠢ ︽ᠪᠠᠭᠤᠷᠠᠬᠤ ᠶᠢ | ᠵᠤᠭᠰᠤᠭᠠᠵᠤ ᠳᠠᠬᠢᠨ ᠲᠣᠭᠲᠠᠪᠤᠷᠢᠵᠢᠬᠤ︾ ᠪᠠᠶᠢᠳᠠᠯ ᠢᠯᠡᠷᠡᠪᠡ | ︽ᠭᠤᠣᠯᠳᠠᠯᠭ᠎ᠠ ᠲᠠᠢ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠦᠨ᠎ᠡ ᠬᠠᠩᠰᠢ ᠶᠢᠨ | ᠭᠦᠢᠴᠡᠳᠭᠡᠯ ᠲᠤᠭ᠎ᠠ ᠨᠢ ᠨᠢᠭᠡᠨᠲᠡ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠤᠶ ᠪᠣᠯᠭᠠᠵᠤ᠂ ᠰᠢᠨ᠎ᠡ ᠣᠷᠣᠨ | ᠰᠠᠭᠤᠴᠠ ᠶᠢᠨ ᠵᠠᠬ᠎ᠠ ᠳᠡᠯᠭᠡᠭᠦᠷ ᠤᠨ ᠲᠣᠭᠲᠠᠪᠤᠷᠢᠵᠢᠬᠤ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ︾ | ᠃ ᠺᠧ ᠡᠯ ᠷᠦᠢ ᠰᠤᠳᠤᠯᠭᠠᠨ ᠤ ᠲᠥᠪ ᠤᠨ ᠰᠤᠳᠤᠯᠤᠭᠴᠢ ᠵᠠᠩ ᠶᠠᠨ ᠢᠯᠡᠷᠬᠡᠶᠢᠯᠡᠬᠦ ᠳᠡᠭᠡᠨ᠂ ᠪᠡᠭᠡᠵᠢᠩ᠂ ᠱᠠᠩᠬᠠᠢ | ᠵᠡᠷᠭᠡ 11 ᠨᠡᠶᠢᠲᠡᠯᠢᠭ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠤᠷᠤᠨ ᠰᠠᠭᠤᠴᠠ ᠶᠢᠨ | ᠲᠣᠭᠤᠷᠢᠭ ᠢᠶᠠᠷ ᠥᠯᠢᠭᠡᠷ ᠬᠡᠪ ᠪᠣᠯᠭᠠᠵᠤ ᠦᠵᠡᠪᠡᠯ᠂ 1 ᠳ᠋ᠤᠭᠡᠷ ᠰᠠᠷ᠎ᠠ ᠳᠤ 49.48% ᠶᠢᠨ ᠤᠷᠤᠨ | ᠰᠠᠭᠤᠴᠠ ᠶᠢᠨ ᠲᠣᠭᠤᠷᠢᠭ ᠤᠨ ᠠᠷᠠᠯᠵᠢᠶ᠎ᠠ ᠪᠦᠲᠦᠭᠰᠡᠨ ᠦᠨ᠎ᠡ ᠲᠦᠷᠦᠭᠦᠸ ᠰᠠᠷ᠎ᠠ ᠶᠢᠨ ᠬᠢ ᠠᠴᠠ ᠳᠡᠭᠡᠭᠰᠢᠯᠡᠵᠦ᠂ | ᠲᠦᠷᠦᠭᠦᠸ ᠰᠠᠷ᠎ᠠ ᠶᠢᠨ ᠬᠢ ᠠᠴᠠ 1.18 ᠵᠠᠭᠤᠨ ᠤ ᠨᠢᠭᠡᠴᠢ ᠨᠡᠮᠡᠭᠳᠡᠨ᠂ ᠭᠡᠷ ᠪᠠᠶᠢᠰᠢᠩ ᠤᠨ ᠦᠨ᠎ᠡ ᠥᠰᠦᠭᠰᠡᠨ | ᠤᠷᠤᠨ ᠰᠠᠭᠤᠴᠠ ᠶᠢᠨ ᠲᠣᠭᠤᠷᠢᠭ ᠤᠨ ᠡᠵᠡᠯᠡᠬᠦ ᠬᠠᠷᠢᠴᠠᠯ ᠨᠢᠭᠡᠨᠲᠡ ᠳᠥᠷᠪᠡᠨ ᠰᠠᠷ᠎ᠠ ᠳᠠᠷᠠᠭᠠᠯᠠᠨ ᠨᠡᠮᠡᠭᠳᠡᠭᠰᠡᠨ | ᠪᠠᠶᠢᠨ᠎ᠠ᠃ ᠡᠭᠦᠨ ᠤ ᠵᠡᠷᠭᠡ ᠳᠤ᠂ ᠥᠨᠳᠥᠷ ᠳᠠᠪᠲᠠᠮᠵᠢ ᠪᠠᠷ ᠠᠷᠠᠯᠵᠢᠶ᠎ᠠ ᠪᠦᠲᠦᠭᠰᠡᠨ ᠤᠷᠤᠨ ᠰᠠᠭᠤᠴᠠ ᠶᠢᠨ | ᠲᠣᠭᠤᠷᠢᠭ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 7.62% ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ | ᠢᠳᠡᠪᠬᠢᠴᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠡᠳᠦᠢ ᠲᠡᠳᠦᠢ ᠳᠡᠭᠡᠭᠰᠢᠯᠡᠵᠡᠢ᠃ | ᠵᠠᠩ ᠶᠠᠨ ᠢᠯᠡᠷᠬᠡᠶᠢᠯᠡᠬᠦ ᠳᠡᠭᠡᠨ᠂ 2024 ᠣᠨ ᠤ ᠳᠣᠣᠷ᠎ᠠ ᠬᠠᠭᠠᠰ ᠵᠢᠯ ᠠᠴᠠ ᠨᠠᠰᠢ᠂ ᠦᠨ᠎ᠡ | ᠥᠰᠦᠭᠰᠡᠨ ᠰᠠᠭᠤᠭᠠᠯᠢ ᠠᠷᠠᠳ ᠤᠨ ᠲᠣᠭᠤᠷᠢᠭ ᠤᠨ ᠡᠵᠡᠯᠡᠬᠦ ᠬᠠᠷᠢᠴᠠᠯ ᠦᠷᠭᠦᠯᠵᠢᠯᠡᠨ ᠳᠡᠭᠡᠭᠰᠢᠯᠡᠭᠰᠡᠨ ᠨᠢ ᠵᠠᠬ᠎ᠠ | ᠳᠡᠯᠭᠡᠭᠦᠷ ᠤᠨ ᠢᠲᠡᠭᠡᠯ ᠵᠣᠷᠢᠭ ᠲᠣᠭᠲᠠᠭᠤᠨ ᠢᠶᠠᠷ ᠰᠠᠶᠢᠵᠢᠷᠠᠭᠰᠠᠨ ᠢ ᠬᠠᠷᠠᠭᠤᠯᠵᠤ ᠪᠠᠶᠢᠨ᠎ᠠ᠃ ᠡᠭᠦᠨ ᠤ ᠵᠡᠷᠭᠡ ᠳᠤ᠂ | ᠬᠡᠳᠦᠶᠢᠪᠡᠷ ᠦᠶᠡᠯᠡᠯ ᠤᠨ ᠴᠢᠨᠠᠷᠲᠠᠢ ᠬᠦᠴᠦᠨ ᠵᠦᠢᠯ ᠤᠨ ᠨᠥᠯᠥᠭᠡ ᠠᠴᠠ ᠪᠣᠯᠵᠤ᠂ ᠠᠷᠠᠯᠵᠢᠶ᠎ᠠ ᠪᠦᠲᠦᠬᠦ | ᠠᠶᠢᠵᠠᠮ ᠳᠤ ᠡᠳᠦᠢ ᠲᠡᠳᠦᠢ ᠲᠣᠬᠢᠷᠠᠭᠤᠯᠤᠯᠲᠠ ᠬᠢᠭᠰᠡᠨ ᠪᠣᠯᠪᠠᠴᠤ ᠥᠨᠳᠥᠷ ᠳᠠᠪᠲᠠᠮᠵᠢᠲᠤ ᠠᠷᠠᠯᠵᠢᠶ᠎ᠠ ᠪᠦᠲᠦᠭᠰᠡᠨ | ᠤᠷᠤᠨ ᠰᠠᠭᠤᠴᠠ ᠶᠢᠨ ᠲᠣᠭᠤᠷᠢᠭ ᠤᠨ ᠲᠤᠭ᠎ᠠ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠮᠥᠨ ᠬᠦ ᠡᠳᠦᠢ ᠲᠡᠳᠦᠢ ᠨᠡᠮᠡᠭᠳᠡᠵᠦ᠂ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠤᠶᠠᠨ ᠬᠠᠲᠠᠨ ᠪᠠ | ᠢᠳᠡᠪᠬᠢᠴᠡ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ ᠦᠨ᠎ᠡ ᠬᠠᠩᠰᠢ ᠪᠣᠯᠣᠨ ᠵᠢᠱᠢᠯᠲᠡ ᠶᠢ ᠵᠡᠷᠭᠡᠪᠡᠷ | ᠰᠠᠶᠢᠵᠢᠷᠠᠭᠤᠯᠬᠤ ᠶᠢᠨ ᠠᠬᠢᠭᠤᠯᠤᠯ ᠳᠣᠣᠷ᠎ᠠ᠂ ᠵᠠᠬ᠎ᠠ ᠳᠡᠯᠭᠡᠭᠦᠷ ᠤᠨ ᠢᠲᠡᠭᠡᠯ ᠢ ᠰᠡᠷᠭᠦᠭᠡᠬᠦ ᠠᠯᠬᠤᠭ᠎ᠠ ᠶᠢ | ᠦᠷᠭᠦᠯᠵᠢᠯᠡᠨ ᠠᠬᠢᠭᠤᠯᠪᠠ᠃ | ᠦᠨ᠎ᠡ ᠬᠠᠩᠰᠢ ᠶᠢᠨ ᠥᠰᠦᠯᠲᠡ ᠨᠢ ᠵᠥᠪᠯᠡᠯᠭᠡᠨ ᠤ ᠦᠨ᠎ᠡ ᠶᠢᠨ ᠣᠷᠣᠨ ᠵᠠᠢ ᠪᠠᠭᠠᠰᠤᠭᠰᠠᠨ ᠠᠴᠠ ᠪᠣᠯᠵᠠᠢ᠃ | ᠺᠧ ᠡᠯ ᠷᠦᠢ ᠰᠤᠳᠤᠯᠭᠠᠨ ᠤ ᠲᠥᠪ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2025 ᠣᠨ ᠤ 1 | ᠳ᠋ᠤᠭᠡᠷ ᠰᠠᠷ᠎ᠠ ᠳᠤ᠂ ᠨᠡᠶᠢᠲᠡᠯᠢᠭ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠳᠤᠮᠳᠠᠴᠢ ᠵᠥᠪᠯᠡᠭᠰᠡᠨ | ᠦᠨ᠎ᠡ ᠶᠢᠨ ᠣᠷᠣᠨ ᠵᠠᠢ ᠨᠢᠭᠡᠨᠲᠡ 18.1% ᠪᠣᠯᠲᠠᠯ᠎ᠠ ᠪᠠᠭᠠᠰᠴᠤ᠂ ᠲᠦᠷᠦᠭᠦᠸ ᠵᠢᠯ ᠤᠨ 12 ᠳ᠋ᠤᠭᠠᠷ | ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠪᠠᠭᠤᠷᠠᠪᠠ᠃ ᠡᠨᠡ ᠨᠢ ᠮᠥᠨ ᠴᠦ 2024 ᠣᠨ ᠤ 8 ᠳ᠋ᠤᠭᠠᠷ | ᠰᠠᠷ᠎ᠠ ᠠᠴᠠ ᠨᠠᠰᠢ᠂ ᠵᠥᠪᠯᠡᠭᠰᠡᠨ ᠦᠨ᠎ᠡ ᠶᠢᠨ ᠣᠷᠣᠨ ᠵᠠᠢ ᠵᠢᠷᠭᠤᠭᠠᠨ ᠰᠠᠷ᠎ᠠ ᠳᠠᠷᠠᠭᠠᠯᠠᠨ ᠪᠠᠭᠠᠰᠤᠭᠰᠠᠨ ᠶᠠᠪᠤᠳᠠᠯ | ᠪᠣᠯᠣᠨ᠎ᠠ᠃ 1 ᠳ᠋ᠤᠭᠡᠷ ᠰᠠᠷ᠎ᠠ ᠳᠤ ᠦᠬᠠᠨ ᠤ ᠵᠥᠪᠯᠡᠯᠭᠡᠨ ᠤ ᠦᠨ᠎ᠡ ᠶᠢᠨ ᠳᠤᠮᠳᠠᠴᠢ ᠣᠷᠣᠨ ᠵᠠᠢ ᠨᠢ 8.68% | ᠪᠠᠶᠢᠵᠤ᠂ ᠰᠢ ᠠᠨ 6.23% ᠪᠠᠶᠢᠵᠤ᠂ ᠴᠥᠮ 10% ᠶᠢᠨ ᠳᠣᠲᠣᠷ᠎ᠠ ᠪᠠᠭᠤᠷᠠᠭᠰᠠᠨ ᠪᠠᠶᠢᠨ᠎ᠠ᠃ ᠨᠠᠨᠵᠢᠩ ᠤᠨ | ᠵᠥᠪᠯᠡᠯᠭᠡᠨ ᠤ ᠦᠨ᠎ᠡ ᠶᠢᠨ ᠳᠤᠮᠳᠠᠴᠢ ᠣᠷᠣᠨ ᠵᠠᠢ ᠨᠢ —1.86% ᠪᠠᠶᠢᠵᠤ᠂ ᠰᠦᠵᠧᠦ — 0.83% ᠪᠠᠶᠢᠵᠤ | ᠂ ᠴᠥᠮ ᠰᠥᠭᠡᠷᠭᠦ ᠬᠡᠮᠵᠢᠭᠳᠡᠯ ᠳᠤ ᠬᠦᠷᠴᠡᠢ᠃ | ︽ᠵᠥᠪᠯᠡᠯᠭᠡᠨ ᠤ ᠦᠨ᠎ᠡ ᠶᠢᠨ ᠣᠷᠣᠨ ᠵᠠᠢ ᠨᠢ ᠰᠥᠭᠡᠷᠭᠦ ᠪᠤᠯᠤᠭᠰᠠᠨ ᠨᠢ ᠬᠡᠰᠡᠭ ᠤᠷᠤᠨ ᠰᠠᠭᠤᠴᠠ ᠶᠢᠨ | ᠲᠣᠭᠤᠷᠢᠭ ᠤᠨ ᠠᠷᠠᠯᠵᠢᠶ᠎ᠠ ᠪᠦᠲᠦᠭᠰᠡᠨ ᠭᠡᠷ ᠪᠠᠶᠢᠰᠢᠩ ᠤᠨ ᠢᠷᠡᠯᠲᠡ ᠶᠢᠨ ᠬᠠᠮᠤᠭ ᠡᠴᠦᠰ ᠤᠨ ᠦᠨ᠎ᠡ ᠨᠢ | ᠨᠢᠭᠡᠨᠲᠡ ᠫᠠᠶᠢᠰᠠ ᠡᠯᠭᠦᠭᠰᠡᠨ ᠦᠨ᠎ᠡ ᠠᠴᠠ ᠬᠡᠲᠦᠷᠡᠭᠰᠡᠨ ᠢ ᠬᠠᠷᠠᠭᠤᠯᠵᠤ ᠪᠠᠶᠢᠨ᠎ᠠ︾᠃ ᠵᠠᠩ ᠶᠠᠨ | ᠢᠯᠡᠷᠬᠡᠶᠢᠯᠡᠬᠦ ᠳᠡᠭᠡᠨ᠂ ᠠᠷᠠᠯᠵᠢᠶ᠎ᠠ ᠪᠦᠲᠦᠭᠰᠡᠨ ᠦᠨ᠎ᠡ ᠬᠠᠩᠰᠢ ᠨᠢ ᠫᠠᠶᠢᠰᠠ ᠡᠯᠭᠦᠭᠰᠡᠨ ᠦᠨ᠎ᠡ ᠳᠤ ᠣᠶᠢᠷᠠᠳᠬᠤ | ᠬᠠᠨᠳᠤᠰᠢ ᠤᠯᠠᠮ ᠢᠯᠡᠷᠬᠡᠢ ᠪᠣᠯᠵᠤ ᠪᠠᠶᠢᠭ᠎ᠠ ᠨᠢ ᠬᠤᠳᠠᠯᠳᠤᠭᠴᠢ ᠶᠢᠨ ᠢᠲᠡᠭᠡᠯ ᠤᠯᠠᠮ ᠨᠢᠭᠡ ᠠᠯᠬᠤᠮ | ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ ᠢᠯᠠᠩᠭᠤᠶ᠎ᠠ ᠰᠠᠶᠢᠵᠢᠷᠠᠭᠤᠯᠬᠤ ᠴᠢᠨᠠᠷᠳᠠᠢ᠂ ᠳᠡᠭᠡᠳᠦ ᠲᠠᠰ ᠤᠨ ᠣᠷᠣᠨ | ᠰᠠᠭᠤᠴᠠ ᠶᠢᠨ ᠬᠡᠰᠡᠭ ᠲᠤ ᠭᠡᠷ ᠪᠠᠶᠢᠰᠢᠩ ᠬᠤᠳᠠᠯᠳᠤᠨ ᠠᠪᠬᠤ ᠢᠲᠡᠭᠡᠯ ᠵᠣᠷᠢᠭ ᠡᠳᠦᠢ ᠲᠡᠳᠦᠢ ᠰᠡᠷᠭᠦᠵᠦ | ᠪᠠᠶᠢᠨ᠎ᠠ ᠭᠡᠵᠡᠢ᠃ | ᠭᠡᠷ ᠪᠠᠶᠢᠰᠢᠩ ᠭᠠᠵᠠᠷ ᠬᠥᠷᠥᠩᠭᠡ ᠶᠢᠨ ᠳᠡᠮᠵᠢᠯᠭᠡ ᠶᠢᠨ ᠲᠥᠷᠥ ᠶᠢᠨ ᠪᠤᠳᠤᠯᠭ᠎ᠠ ᠶᠢ ᠲᠠᠬᠢᠨᠳᠠ ᠨᠡᠮᠡᠭᠳᠡᠭᠦᠯᠬᠦ | ᠪᠤᠯᠤᠯᠴᠠᠭ᠎ᠠ ᠲᠠᠢ | ᠵᠢᠯ ᠤᠨ ᠡᠬᠢᠨ ᠳᠤ ᠬᠤᠷᠠᠯᠳᠤᠭᠰᠠᠨ ᠣᠷᠣᠨ ᠨᠤᠲᠤᠭ ᠤᠨ ᠬᠤᠶᠠᠷ ᠬᠤᠷᠠᠯ ᠴᠤ ᠲᠡᠷᠡ᠂ ᠴᠠᠭᠠᠨ ᠰᠠᠷ᠎ᠠ | ᠶᠢᠨ ᠠᠮᠠᠷᠠᠯᠲᠠ ᠶᠢᠨ ᠳᠠᠷᠠᠭᠠᠬᠢ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠴᠤ ᠲᠡᠷᠡ᠂ ᠭᠡᠷ ᠪᠠᠶᠢᠰᠢᠩ ᠤᠨ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠶᠠᠪᠤᠳᠠᠯ ᠢ ᠴᠥᠮ ᠴᠢᠬᠤᠯᠠ ᠪᠠᠶᠢᠷᠢᠨ ᠳᠤ ᠲᠠᠯᠪᠢᠭᠰᠠᠨ ᠪᠠᠶᠢᠨ᠎ᠠ᠃ | 2025 ᠣᠨ ᠤ ᠪᠡᠭᠡᠵᠢᠩ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ ᠭᠡᠷ | ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠭᠳᠠᠪᠤᠷᠢᠵᠢᠨ ᠢᠳᠡᠪᠬᠢᠳᠡᠢ ᠬᠦᠭᠵᠢᠬᠦ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠭᠤᠸᠠᠩᠳᠦᠩ ᠮᠤᠵᠢ ᠶᠢᠨ ᠬᠢᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ | ᠲᠥᠷᠥ ᠶᠢᠨ ᠪᠣᠳᠣᠯᠭ᠎ᠠ ᠬᠡᠷᠡᠭᠵᠢᠭᠦᠯᠦᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠰᠢᠨ᠎ᠡ ᠪᠠᠷ ᠨᠡᠮᠡᠭᠳᠡᠬᠦ ᠭᠡᠷ ᠪᠠᠶᠢᠰᠢᠩ ᠭᠠᠵᠠᠷ ᠬᠥᠷᠥᠩᠭᠡ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠨ᠂ ᠦᠯᠡᠳᠡᠭᠡᠯ ᠭᠠᠵᠠᠷ ᠰᠢᠷᠣᠢ ᠪᠠ ᠲᠠᠸᠠᠷ ᠤᠨ ᠭᠡᠷ ᠪᠠᠶᠢᠰᠢᠩ ᠢ | ᠠᠮᠢᠳᠤᠯᠢᠭ ᠪᠣᠯᠭᠠᠵᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ | ᠪᠦᠷᠢᠨᠰᠢᠭᠦᠯᠦᠨ᠂ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ | ᠭᠡᠵᠡᠢ᠃ ᠵᠧᠵᠢᠶᠠᠩ ᠮᠤᠵᠢ ᠶᠢᠨ ᠬᠢᠨ ᠤᠯᠤᠰ ᠤᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ ᠠᠩᠬ᠎ᠠ | ᠲᠤᠰᠢᠶᠠᠬᠤ ᠰᠦᠢᠳᠬᠡᠯ ᠢ ᠪᠠᠭᠤᠷᠠᠭᠤᠯᠬᠤ᠂ ᠭᠠᠶᠢᠯᠢ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠡᠢ᠃ | | ᠡᠶᠢᠮᠦᠷᠬᠦ ᠠᠬᠤᠢ ᠪᠠᠶᠢᠳᠠᠯ ᠤᠨ ᠳᠣᠣᠷ᠎ᠠ᠂ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠳᠡᠮᠵᠢᠯᠭᠡ ᠶᠢᠨ ᠡᠷᠴᠢᠮ | ᠢᠯᠡᠳᠲᠡ ᠳᠡᠭᠡᠭᠰᠢᠯᠡᠪᠡ᠃ 2 ᠳ᠋ᠤᠭᠠᠷ ᠰᠠᠷ᠎ᠠ ᠶᠢᠨ 8 ᠤ ᠡᠳᠦᠷ᠂ ᠴᠦᠩᠴᠢᠩ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠢᠯᠡᠷᠬᠡᠶᠢᠯᠡᠬᠦ ᠳᠡᠭᠡᠨ᠂ ᠲᠣᠰ ᠡᠳᠦᠷ ᠠᠴᠠ ᠡᠬᠢᠯᠡᠨ | ᠲᠥᠪ ᠬᠤᠲᠠ ᠶᠢᠨ ᠲᠣᠭᠤᠷᠢᠭ ᠤᠨ ᠤᠤᠯ ᠤᠨ ᠬᠤᠶᠠᠷ ᠵᠢᠯ ᠤᠨ ᠬᠢᠵᠠᠭᠠᠷᠲᠤ ᠪᠣᠷᠤᠯᠠᠭᠤᠯᠭ᠎ᠠ ᠶᠢᠨ ᠬᠡᠪᠴᠢᠶᠡᠨ ᠳᠤ | ᠣᠷᠣᠭᠤᠯᠤᠭᠰᠠᠨ ᠣᠷᠣᠨ ᠰᠠᠭᠤᠴᠠ ᠶᠢᠨ ᠳᠠᠬᠢᠨ ᠠᠷᠠᠯᠵᠢᠶᠠᠯᠠᠬᠤ ᠬᠠᠮᠢᠶᠠᠷᠤᠯᠲᠠ ᠶᠢ ᠬᠦᠴᠦᠨ ᠦᠭᠡᠢ ᠪᠣᠯᠭᠠᠨ᠎ᠠ | ᠭᠡᠵᠡᠢ᠃ ᠡᠨᠡ ᠨᠢ ᠴᠦᠩᠴᠢᠩ ᠬᠤᠳᠠ ᠶᠢᠨ ᠣᠷᠣᠨ ᠰᠠᠭᠤᠴᠠ ᠬᠤᠳᠠᠯᠳᠤᠬᠤ ᠶᠢ ᠬᠢᠵᠠᠭᠠᠷᠯᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠭᠰᠠᠨ ᠢ ᠬᠠᠷᠠᠭᠤᠯᠵᠤ ᠪᠠᠶᠢᠨ᠎ᠠ᠃ ᠱᠠᠨᠳᠦ᠋ᠩ ᠤᠨ | ᠯᠢᠶᠤᠤᠴᠧᠩ ᠬᠤᠲᠠ ᠶᠢᠨ 13 ᠰᠠᠯᠠᠭ᠎ᠠ ᠮᠥᠴᠢᠷ ᠬᠠᠮᠲᠤᠷᠠᠨ 18 ᠤ ᠡᠳᠦᠷ 32 ᠵᠦᠢᠯ ᠤᠨ ᠠᠷᠭ᠎ᠠ ᠬᠡᠮᠵᠢᠶ᠎ᠡ | ᠨᠡᠶᠢᠲᠡᠯᠡᠵᠦ᠂ ᠣᠷᠣᠨ ᠰᠠᠭᠤᠴᠠ ᠶᠢᠨ ᠬᠡᠷᠡᠭᠯᠡᠭᠡ ᠶᠢ ᠠᠬᠢᠭᠤᠯᠵᠤ᠂ ᠠᠩᠬ᠎ᠠ ᠲᠤᠰᠢᠶᠠᠬᠤ ᠵᠣᠭᠤᠰ ᠤᠨ ᠬᠦᠦ | ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ ᠶᠢ | ᠴᠢᠩᠭᠠᠳᠬᠠᠬᠤ᠂ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢ ᠪᠠᠲᠤᠯᠠᠬᠤ᠂ ᠵᠠᠬ᠎ᠠ | ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃ ᠶᠦᠨᠨᠠᠨ ᠤ ᠴᠢᠦᠢ | ᠵᠢᠩ 18 ᠤ ᠡᠳᠦᠷ ᠪᠠᠰᠠ 33 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠵᠦᠩᠶᠤᠸᠠᠨ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠭᠦᠸ ᠵᠠᠳᠠᠯᠤᠭᠴᠢ ᠵᠠᠩ ᠳ᠋ᠠ ᠸᠧᠢ | ᠢᠯᠡᠷᠬᠡᠶᠢᠯᠡᠬᠦ ᠳᠡᠭᠡᠨ᠂ ᠣᠶᠢᠷ᠎ᠠ ᠶᠢᠨ ᠬᠡᠳᠦᠨ ᠰᠠᠷ᠎ᠠ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠲᠠᠰᠤᠷᠠᠯᠲᠠ ᠦᠭᠡᠢ ᠬᠡᠷᠡᠭᠵᠢᠭᠦᠯᠦᠭᠳᠡᠵᠦ᠂ ᠵᠠᠬ᠎ᠠ ᠳᠡᠯᠭᠡᠭᠦᠷ ᠲᠤ ᠨᠢᠭᠡᠨᠲᠡ | ᠲᠣᠭᠲᠠᠪᠤᠷᠢᠵᠢᠬᠤ ᠪᠠᠶᠢᠳᠠᠯ ᠢᠯᠡᠷᠡᠪᠡ᠃ ᠣᠬᠤᠷ ᠬᠤᠭᠤᠴᠠᠭ᠎ᠠ ᠠᠴᠠ ᠦᠵᠡᠪᠡᠯ᠂ ᠭᠡᠷ ᠪᠠᠶᠢᠰᠢᠩ ᠤᠨ ᠵᠠᠬ᠎ᠠ | ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠣᠯᠠᠨ ᠳᠠᠪᠬᠤᠷ ᠰᠡᠯᠪᠢᠨ | ᠵᠠᠰᠠᠬᠤ ᠵᠥᠪ ᠴᠢᠭᠯᠡᠯ ᠤᠨ ᠡᠷᠭᠢᠯᠲᠡ ᠶᠢ ᠪᠡᠶᠡᠯᠡᠭᠦᠯᠵᠦ ᠴᠢᠳᠠᠨ᠎ᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠤᠶᠢᠰᠢᠳᠠ ᠶᠢᠨ ᠬᠠᠨᠳᠤᠰᠢ ᠶᠢᠨ ᠲᠤᠬᠠᠢ | ᠵᠠᠳᠠᠯᠤᠭᠴᠢᠳ ᠤᠨ ᠦᠵᠡᠬᠦ ᠪᠠᠷ᠂ ᠡᠨᠡ ᠵᠢᠯ ᠵᠠᠬ᠎ᠠ ᠳᠡᠯᠭᠡᠭᠦᠷ ᠰᠠᠶᠢᠵᠢᠷᠠᠬᠤ ᠪᠣᠯᠣᠮᠵᠢ ᠲᠠᠢ ᠪᠠᠶᠢᠨ᠎ᠠ᠃ | ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ | ᠶᠠᠨ ᠶᠦᠸᠧ ᠶᠢᠨ ᠢᠯᠡᠷᠬᠡᠶᠢᠯᠡᠬᠦ ᠳᠡᠭᠡᠨ᠂ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠲᠤ ᠬᠡᠰᠡᠭ ᠬᠤᠭᠤᠴᠠᠭᠠᠨ ᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠣᠭᠲᠠᠪᠤᠷᠢᠵᠢᠬᠤ ᠪᠠᠶᠢᠳᠠᠯ | ᠠᠯᠬᠤᠮ ᠠᠯᠬᠤᠮ ᠢᠶᠠᠷ ᠢᠯᠡᠷᠡᠵᠦ᠂ ᠵᠠᠬ᠎ᠠ ᠳᠡᠯᠭᠡᠭᠦᠷ ᠤᠨ ᠰᠡᠷᠭᠦᠯᠲᠡ ᠶᠢᠨ ᠬᠠᠨᠳᠤᠰᠢ ᠤᠯᠠᠮ ᠨᠢᠭᠡ ᠠᠯᠬᠤᠮ | ᠨᠤᠲᠠᠯᠠᠭᠳᠠᠵᠤ ᠪᠠᠶᠢᠨ᠎ᠠ᠃ ᠡᠭᠦᠨ ᠤ ᠬᠠᠮᠲᠤ᠂ ᠬᠥᠮᠥᠷᠭᠡᠯᠡᠯᠲᠡ ᠶᠢᠨ ᠲᠠᠯ᠎ᠠ ᠠᠴᠠ ᠠᠪᠴᠤ ᠦᠵᠡᠪᠡᠯ᠂ 1 ᠳ᠋ᠤᠭᠡᠷ | ᠰᠠᠷ᠎ᠠ ᠳᠤ᠂ ᠪᠥᠬᠦ ᠤᠯᠤᠰ ᠤᠨ ᠵᠠᠭᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ | ᠰᠠᠭᠤᠴᠠ ᠶᠢᠨ ᠬᠥᠮᠥᠷᠭᠡᠯᠡᠯᠲᠡ ᠶᠢᠨ ᠬᠡᠪᠴᠢᠶ᠎ᠡ 44737 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠲᠦᠷᠦᠭᠦᠸ ᠰᠠᠷ᠎ᠠ ᠶᠢᠨ ᠬᠢ ᠠᠴᠠ 1.2% ᠢᠶᠠᠷ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 11.0% ᠪᠠᠷ | ᠪᠠᠭᠠᠰᠴᠤ᠂ ᠨᠢᠭᠡᠨᠲᠡ 24 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠪᠠᠭᠤᠷᠠᠬᠤ ᠬᠠᠨᠳᠤᠰᠢ ᠲᠠᠢ | ᠪᠣᠯᠵᠠᠢ᠂ ᠡᠨᠡ ᠨᠢ ᠬᠥᠮᠥᠷᠭᠡᠯᠡᠯᠲᠡ ᠶᠢᠨ ᠳᠠᠷᠤᠯᠲᠠ ᠶᠢ ᠢᠳᠡᠪᠬᠢᠲᠡᠢ ᠪᠥᠭᠡᠳ ᠪᠦᠲᠦᠮᠵᠢᠲᠡᠶ ᠪᠠᠷ | ᠰᠤᠯᠠᠷᠠᠭᠤᠯᠤᠭᠰᠠᠨ ᠢ ᠭᠦᠢᠴᠡᠳ ᠬᠠᠷᠠᠭᠤᠯᠵᠤ ᠪᠠᠶᠢᠬᠤ ᠪᠥᠭᠡᠳ ᠪᠥᠬᠦ ᠵᠢᠯ ᠤᠨ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠡᠩᠴᠡᠭᠦᠷᠢᠲᠡᠢ ᠪᠠᠶᠢᠯᠭᠠᠬᠤ ᠳᠤ | ᠨᠠᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃ | ᠭᠤᠸᠠᠩᠳᠦᠩ ᠮᠤᠵᠢ ᠶᠢᠨ ᠬᠤᠲᠠ ᠶᠢᠨ ᠲᠥᠯᠦᠪᠵᠢᠭᠦᠯᠭᠡ ᠶᠢᠨ ᠬᠦᠷᠢᠶᠡᠯᠡᠩ ᠤᠨ ᠣᠷᠣᠨ ᠰᠠᠭᠤᠴᠠ ᠶᠢᠨ | ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠲᠥᠪ ᠤᠨ ᠲᠡᠷᠢᠭᠦᠨ ᠰᠤᠳᠤᠯᠤᠭᠴᠢ ᠯᠢ ᠢᠦᠢ ᠵᠢᠶᠠ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ᠂ ᠵᠢᠯ ᠤᠨ ᠳᠠᠷᠠᠭ᠎ᠠ ᠬᠤᠲᠠ ᠳᠤ ᠪᠤᠴᠠᠬᠤ ᠵᠢᠴᠢ ᠴᠠᠭᠠᠨ | ᠰᠠᠷ᠎ᠠ ᠶᠢᠨ ᠤᠷᠢᠳ ᠬᠤᠵᠢᠳ ᠢᠶᠠᠷ ᠤᠷᠤᠭᠯᠠᠬᠤ ᠵᠡᠷᠭᠡ ᠬᠦᠴᠦᠨ ᠵᠦᠢᠯ ᠠᠴᠠ ᠪᠣᠯᠤᠭᠰᠠᠨ ᠬᠡᠷᠡᠭᠴᠡᠭᠡ ᠳᠠᠬᠢᠨᠲᠠ | ᠨᠡᠮᠡᠭᠳᠡᠵᠦ᠂ ᠭᠡᠷ ᠪᠠᠶᠢᠰᠢᠩ ᠤᠨ ᠦᠨ᠎ᠡ ᠶᠢᠨ ᠲᠣᠭᠲᠠᠪᠤᠷᠢᠵᠢᠯᠲᠠ ᠳᠤ ᠲᠤᠯᠭᠠᠭᠤᠷᠢᠯᠠᠯ ᠬᠠᠩᠭᠠᠵᠤ᠂ ᠨᠢᠭᠡᠳᠦᠭᠡᠷ | ᠤᠯᠠᠷᠢᠯ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠤᠯᠠᠷᠢᠯ ᠤᠨ ᠴᠢᠨᠠᠷᠲᠠᠢ ᠰᠠᠶᠢᠵᠢᠷᠠᠬᠤ | ᠪᠣᠯᠣᠮᠵᠢ ᠲᠠᠢ ᠪᠠᠶᠢᠨ᠎ᠠ ᠭᠡᠵᠦ ᠵᠢᠱᠢᠵᠦ ᠪᠠᠶᠢᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |