3 ᠳ᠋ᠤᠭᠠᠷ ᠰᠠᠷ᠎ᠠ ᠶᠢᠨ 4 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ 2025 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠵᠢᠯ ᠤᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ | ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠱᠦᠵᠢ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ 2024 ᠣᠨ ᠤ | ᠠᠵᠢᠯ ᠤᠨ ᠦᠷ᠎ᠡ ᠪᠦᠲᠦᠭᠡᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠤᠨ | ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤᠪᠠᠷ ᠰᠣᠨᠢᠷᠬᠠᠵᠤ᠂ | ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ | | | | | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠵᠢᠯ ᠤᠨ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠴᠢᠭᠯᠡᠯ ᠢ ᠲᠣᠭᠲᠠᠭᠠᠵᠠᠢ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠬᠤᠷᠠᠯ ᠠᠴᠠ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ | ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠶᠠᠰᠤ ᠴᠢᠨᠠᠷ ᠢᠶᠠᠷ ᠰᠢᠶᠠᠨ ᠢ | ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠴᠠᠭᠤᠯᠤᠨ ᠵᠢᠯᠤᠭᠤᠳᠬᠤ ᠪᠠᠨ | ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠥᠭᠵᠢᠯᠲᠡ ᠳᠤ ᠦᠢᠯᠡᠴᠢᠯᠡᠭᠡ ᠬᠠᠩᠭᠠᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ︽ᠲᠦᠷᠪᠡᠨ ᠰᠤᠷᠲᠠᠯ︾ ᠢ ᠡᠷᠡᠰ ᠡᠰᠡᠷᠭᠦᠴᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠲᠡᠪᠴᠢᠵᠦ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ | ᠬᠡᠷᠡᠭᠲᠡᠢ᠃ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ | ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ | ᠵᠡᠷᠭᠡ ᠪᠠᠷ ᠪᠠᠶᠢᠴᠠᠭᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠡᠷᠴᠢᠮ ᠢ ᠴᠢᠩᠭᠠᠳᠬᠠᠵᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠠᠮᠤᠷ ᠲᠦᠪᠰᠢᠨ ᠢ ᠪᠠᠲᠤ ᠰᠠᠬᠢᠵᠤ᠂ ᠲᠦᠭ | ᠲᠦᠮᠡᠨ ᠠᠶᠢᠯ ᠡᠷᠦᠭᠡ ᠶᠢᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠬᠤ ᠬᠡᠷᠡᠭᠲᠡᠢ ᠭᠡᠵᠦ | ᠱᠠᠭᠠᠷᠳᠠᠪᠠ᠃ | | | | | ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ ᠪᠦᠬᠦ ᠬᠥᠮᠥᠰ ︽ᠠᠷᠢᠭᠤᠨ ᠴᠢᠬᠡᠴᠢ ᠪᠠᠷ ᠵᠠᠰᠠᠭ | ᠪᠠᠷᠢᠬᠤ ᠠᠮᠠᠯᠠᠯᠲᠠ ᠶᠢᠨ ᠪᠢᠴᠢᠭ︾᠂ ︽ᠬᠤᠷᠢᠮ ᠪᠡᠯᠪᠡᠰᠦᠷᠡᠯ ᠤᠨ ᠶᠠᠪᠤᠳᠠᠯ ᠢ ᠵᠢᠷᠤᠮᠵᠢᠭᠤᠯᠬᠤ ᠠᠮᠠᠯᠠᠯᠲᠠ ᠶᠢᠨ | ᠪᠢᠴᠢᠭ︾ ᠲᠤ ᠭᠠᠷ ᠤᠨ ᠦᠰᠦᠭ ᠵᠢᠷᠤᠵᠤ᠂ ᠭᠤᠣᠯᠳᠠᠯᠭ᠎ᠠ ᠲᠠᠢ ᠠᠵᠢᠯ ᠤᠨ ᠪᠠᠶᠢᠷᠢ ᠳᠤ ︽ᠠᠷᠢᠭᠤᠨ ᠴᠢᠬᠡᠴᠢ ᠪᠠᠷ | ᠵᠠᠰᠠᠭ ᠪᠠᠷᠢᠬᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ︾ ᠠᠵᠢᠯ ᠢ ᠬᠢᠪᠡ᠃ | ᠲᠤᠰ ᠤᠳᠠᠭ᠎ᠠ ᠶᠢᠨ ᠬᠤᠷᠠᠯ ᠤᠨ ᠬᠤᠷᠠᠯᠳᠤᠭᠰᠠᠨ ᠨᠢ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ 2025 ᠣᠨ ᠤ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠬᠠᠷᠠᠯᠲᠠ ᠶᠢ | ᠲᠣᠳᠣᠷᠬᠠᠶᠢᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠢ | ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |