ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠤᠨ ᠬᠠᠮᠲᠤᠷᠠᠨ ᠪᠠᠶᠢᠭᠤᠯᠤᠭᠰᠠᠨ ᠲᠤᠰᠬᠠᠢ ᠮᠡᠷᠭᠡᠵᠢᠯᠲᠡᠨ ᠤ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠨᠡᠶᠢᠲᠡᠯᠡᠭᠰᠡᠨ ︽ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ | ᠵᠢᠴᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠡᠶᠢᠲᠡᠯᠡᠭᠰᠡᠨ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯ ᠦᠭᠡᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠨᠠᠨ ᠰᠢᠯᠭᠠᠬᠤ ᠠᠷᠭ᠎ᠠ︾ ᠵᠡᠷᠭᠡ ᠠᠯᠢ | ᠣᠯᠠᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠭᠲᠠᠬᠤ ᠰᠢᠶᠠᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ︵CMA︶ | ᠬᠢᠭᠡᠳ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠨᠠᠨ ᠰᠢᠯᠭᠠᠬᠤ ︵CATL︶ ᠶᠢᠨ ᠬᠤᠣᠰ ᠭᠡᠷᠡᠴᠢᠯᠡᠯ ᠤᠨ ᠲᠤᠬᠠᠢ ᠶᠢᠨ ᠲᠠᠯᠠᠪᠤᠷ ᠤᠨ | ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃ | | | | | ᠬᠢᠨᠠᠨ ᠲᠣᠭᠲᠠᠭᠠᠬᠤ ᠶᠠᠪᠤᠴᠠ ᠳᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠨᠢ | ᠣᠯᠠᠨ ᠵᠦᠢᠯ ᠤᠨ ᠴᠢᠩᠭ᠎ᠠ ᠨᠢᠮᠪᠠᠢ ᠪᠥᠭᠡᠳ ᠪᠥᠬᠦ ᠲᠠᠯ᠎ᠠ ᠶᠢᠨ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ ᠬᠡᠷᠡᠭᠯᠡᠭᠰᠡᠨ | ᠪᠠᠶᠢᠨ᠎ᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠥᠪ ᠤᠨ ᠡᠯ᠎ᠡ ᠴᠢᠳᠠᠮᠵᠢᠲᠤ ᠣᠷᠣᠨ ᠪᠦᠰᠡ ᠪᠠᠷ | ᠳᠠᠮᠵᠢᠭᠤᠯᠤᠨ᠂ ᠲᠤᠷᠰᠢᠯᠲᠠ ᠶᠢᠨ ᠲᠠᠰᠤᠭ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠥᠬᠦᠭᠡᠷᠦᠮᠵᠢ ᠶᠢᠨ | ᠲᠣᠬᠢᠷᠠᠭᠤᠯᠤᠯᠲᠠ ᠵᠡᠷᠭᠡ ᠳᠤ ᠰᠢᠭᠤᠳ ᠲᠠᠨᠢᠯᠲᠠ ᠲᠠᠢ ᠪᠣᠯᠪᠠ︔ ᠲᠤᠬᠠᠢ ᠶᠢᠨ ᠭᠠᠵᠠᠷ ᠲᠤᠨᠢ ᠲᠤᠷᠰᠢᠯᠲᠠ ᠬᠢᠵᠦ | ᠬᠢᠨᠠᠨ ᠰᠢᠯᠭᠠᠬᠤ ᠶᠢ ᠥᠷᠨᠢᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠤ ᠪᠣᠳᠠᠲᠠᠢ ᠠᠵᠢᠯᠯᠠᠬᠤ ᠴᠢᠳᠠᠪᠤᠷᠢ ᠶᠢ | ᠴᠢᠩᠭ᠎ᠠ ᠰᠢᠯᠭᠠᠨ ᠪᠠᠶᠢᠴᠠᠭᠠᠪᠠ︔ ᠲᠤᠬᠠᠢ ᠶᠢᠨ ᠲᠠᠯᠠᠪᠤᠷ ᠲᠤ ᠠᠰᠠᠭᠤᠯᠲᠠ ᠳᠤᠷᠠᠳᠬᠤ ᠪᠠ ᠶᠠᠷᠢᠯᠴᠠᠬᠤ ᠬᠤᠷᠠᠯ | ᠬᠢᠵᠦ᠂ ᠠᠵᠢᠯᠲᠠᠨ ᠤ ᠪᠠᠶᠢᠴᠠᠭᠠᠨ ᠰᠢᠯᠭᠠᠬᠤ ᠶᠠᠪᠤᠴᠠ᠂ ᠶᠠᠰᠤ ᠴᠢᠨᠠᠷ ᠢ ᠡᠵᠡᠮᠳᠡᠬᠦ ᠵᠡᠷᠭᠡ ᠲᠠᠯ᠎ᠠ ᠪᠠᠷ ᠡᠵᠡᠮᠰᠢᠭᠰᠡᠨ | ᠬᠢᠷᠢ ᠬᠡᠮᠵᠢᠶ᠎ᠡ ᠶᠢ ᠭᠦᠨᠵᠡᠭᠡᠢ ᠣᠶᠢᠯᠠᠭᠠᠪᠠ︔ ᠶᠠᠰᠤ ᠴᠢᠨᠠᠷ ᠤᠨ ᠰᠢᠰᠲ᠋ᠧᠮᠵᠢ ᠶᠢᠨ ᠪᠢᠴᠢᠭ ᠮᠠᠲ᠋ᠧᠷᠢᠶᠠᠯ ᠢ ᠨᠠᠷᠢᠨ | ᠨᠢᠮᠪᠠᠢ ᠬᠢᠨᠠᠨ ᠪᠠᠶᠢᠴᠠᠭᠠᠵᠤ᠂ ᠲᠡᠭᠦᠨ ᠤ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ ᠢ ᠦᠨᠡᠯᠡᠨ ᠵᠢᠱᠢᠪᠡ︔ | ᠲᠡᠮᠳᠡᠭᠯᠡᠯ ᠤᠨ ᠮᠡᠳᠡᠭᠦᠯᠦᠯᠲᠡ ᠵᠢᠴᠢ ᠲᠥᠬᠦᠭᠡᠷᠦᠮᠵᠢ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ | ᠦᠵᠡᠵᠦ᠂ ᠪᠠᠶᠢᠴᠠᠭᠠᠨ ᠬᠡᠮᠵᠢᠬᠦ ᠠᠵᠢᠯ ᠤᠨ ᠨᠡᠬᠡᠮᠵᠢᠯᠡᠬᠦ ᠴᠢᠨᠠᠷ ᠬᠢᠭᠡᠳ ᠬᠡᠮᠵᠢᠭᠦᠷᠯᠢᠭ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠪᠠᠶᠢᠳᠠᠯ ᠢ ᠬᠢᠨᠠᠨ ᠬᠠᠷᠭᠤᠭᠤᠯᠪᠠ᠃ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯᠯᠠᠬᠤ ᠤᠷ᠎ᠠ | ᠴᠢᠳᠠᠪᠤᠷᠢ ᠠᠴᠠ ᠲᠤᠷᠰᠢᠯᠲᠠ ᠶᠢᠨ ᠲᠠᠰᠤᠭ ᠤᠨ ᠬᠡᠮᠵᠢᠭᠦᠷᠯᠢᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ | ᠬᠦᠷᠲᠡᠯ᠎ᠡ᠂ ᠵᠠᠳᠠᠯᠤᠯᠲᠠ ᠶᠢᠨ ᠠᠷᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠠᠴᠠ ᠣᠷᠴᠢᠨ ᠲᠣᠭᠤᠷᠢᠨ ᠤ | ᠨᠥᠬᠦᠴᠡᠯ ᠤᠨ ᠵᠣᠬᠢᠴᠠᠬᠤ ᠴᠢᠨᠠᠷ ᠬᠦᠷᠲᠡᠯ᠎ᠡ᠂ ᠳᠠᠬᠢᠭᠠᠳ ᠪᠠᠶᠢᠭᠤᠯᠤᠮᠵᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮ ᠤᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠳᠤ ᠬᠦᠷᠲᠡᠯ᠎ᠡ ᠴᠥᠮ ᠥᠨᠴᠥᠭ ᠪᠤᠯᠤᠩ ᠦᠭᠡᠢ | ᠪᠥᠬᠦ ᠲᠠᠯ᠎ᠠ ᠶᠢᠨ ᠬᠢᠨᠠᠨ ᠬᠠᠷᠭᠤᠭᠤᠯᠤᠯᠲᠠ ᠬᠢᠭᠰᠡᠨ ᠪᠥᠭᠡᠳ ᠬᠢᠨᠠᠨ ᠬᠠᠷᠭᠤᠭᠤᠯᠤᠭᠠᠳ ᠣᠯᠣᠭᠰᠠᠨ ᠪᠠᠶᠢᠳᠠᠯ ᠪᠠ | ᠭᠡᠷᠡᠴᠢ ᠪᠠᠷᠢᠮᠲᠠ ᠳᠤ ᠭᠦᠢᠴᠡᠳ ᠰᠤᠳᠤᠯᠤᠨ ᠶᠠᠷᠢᠯᠴᠠᠭᠰᠠᠨ ᠪᠠ ᠭᠦᠨᠵᠡᠭᠡᠢ ᠵᠠᠳᠠᠯᠤᠯᠲᠠ ᠬᠢᠭᠰᠡᠨ ᠪᠠᠶᠢᠨ᠎ᠠ᠃ | | | | | ᠲᠣᠰ ᠤᠳᠠᠭᠠᠨ ᠤ ᠬᠢᠨᠠᠨ ᠲᠣᠭᠲᠠᠭᠠᠬᠤ ᠠᠵᠢᠯ ᠤᠨ ᠠᠭᠤᠯᠭ᠎ᠠ ᠨᠢ ᠪᠠᠶᠠᠯᠢᠭ ᠪᠥᠭᠡᠳ ᠱᠠᠭᠠᠷᠳᠠᠯᠭ᠎ᠠ ᠨᠢ | ᠴᠢᠩᠭ᠎ᠠ ᠪᠠᠶᠢᠵᠤ᠂ ᠨᠡᠶᠢᠲᠡ 13 ᠪᠣᠯᠵᠣᠯᠲᠤ ᠲᠤᠭ᠎ᠠ ᠶᠢᠨ ᠬᠢᠨᠠᠨ ᠰᠢᠯᠭᠠᠯᠲᠠ ᠶᠢ ᠬᠠᠮᠤᠷᠴᠤ᠂ ᠡᠭᠦᠨ ᠢᠶᠠᠷ | ᠪᠠᠶᠢᠴᠠᠭᠠᠨ ᠰᠢᠯᠭᠠᠬᠤ ᠠᠵᠢᠯᠲᠠᠨ ᠤ ᠥᠯᠥ ᠮᠡᠳᠡᠬᠦ ᠥᠯᠢᠭᠡᠷ ᠡᠳ᠋ ᠤᠨ ᠪᠠᠶᠢᠳᠠᠯ ᠳᠣᠣᠷᠠᠬᠢ ᠪᠠᠶᠢᠴᠠᠭᠠᠨ | ᠬᠡᠮᠵᠢᠯᠲᠡ ᠶᠢᠨ ᠣᠨᠣᠪᠴᠢᠲᠤ ᠴᠢᠨᠠᠷ ᠢ ᠰᠢᠯᠭᠠᠨ ᠪᠠᠶᠢᠴᠠᠭᠠᠵᠠᠢ︔ | | | | | | | | ᠴᠢᠩᠭ᠎ᠠ ᠬᠢᠨᠠᠨ ᠬᠠᠷᠭᠤᠭᠤᠯᠬᠤ ᠪᠠᠷ ᠳᠡᠮᠵᠢᠨ᠂ ᠬᠢᠨᠠᠨ ᠲᠣᠭᠲᠠᠭᠠᠬᠤ ᠳᠤᠭᠤᠶᠢᠯᠠᠩ ᠠᠴᠠ ᠨᠢᠭᠡᠳᠦᠯᠲᠡᠢ | ᠮᠠᠭᠠᠳᠯᠠᠨ ᠲᠣᠭᠲᠠᠭᠠᠭᠰᠠᠨ ᠢᠶᠠᠷ᠂ ᠲᠣᠭᠲᠠᠬᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮ ᠤᠨ ᠠᠵᠢᠯᠯᠠᠭᠠᠨ ᠤ ᠪᠠᠶᠢᠳᠠᠯ ᠨᠢ ᠦᠨᠳᠦᠰᠦᠨ ᠳᠡᠭᠡᠨ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︽ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠰᠢᠯᠭᠠᠬᠤ | ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠵᠦ᠂ 71 ᠵᠦᠢᠯ ᠤᠨ | ᠪᠣᠯᠵᠣᠯᠲᠤ ᠲᠤᠭ᠎ᠠ ᠳᠤ ᠴᠢᠭᠯᠡᠭᠦᠯᠦᠭᠰᠡᠨ ᠨᠠᠷᠢᠯᠢᠭ ᠣᠨᠣᠴᠠᠲᠠᠢ ᠪᠠᠷ ᠪᠠᠶᠢᠴᠠᠭᠠᠨ ᠬᠡᠮᠵᠢᠬᠦ ᠴᠢᠳᠠᠪᠤᠷᠢ ᠶᠢ | ᠪᠦᠷᠢᠯᠳᠦᠭᠦᠯᠦᠭᠰᠡᠨ ᠪᠠᠶᠢᠨ᠎ᠠ᠃ | ᠲᠣᠰ ᠤᠳᠠᠭᠠᠨ ᠤ ᠬᠤᠣᠰ ᠭᠡᠷᠡᠴᠢᠯᠡᠯ ᠤᠨ ᠬᠢᠨᠠᠨ ᠰᠢᠯᠭᠠᠷᠠᠭᠤᠯᠤᠯᠲᠠ ᠶᠢ ᠤᠷᠤᠭᠰᠢᠲᠠᠢ ᠪᠠᠲᠤᠯᠠᠭᠰᠠᠨ | ᠶᠠᠪᠤᠳᠠᠯ ᠪᠣᠯ ᠭᠤᠣᠯᠳᠠᠯᠭ᠎ᠠ ᠶᠢᠨ ᠬᠥᠭᠵᠢᠯᠲᠡ ᠶᠢᠨ ᠴᠢᠬᠤᠯᠠ ᠪᠡᠯᠭᠡ ᠲᠡᠮᠳᠡᠭ ᠮᠥᠨ᠃ ᠢᠷᠡᠭᠡᠳᠦᠢ ᠪᠠᠨ | ᠪᠠᠷᠠᠯᠠᠬᠤᠶ᠎ᠠ᠂ ᠲᠣᠭᠲᠠᠬᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠲᠥᠪ ᠨᠢ ᠲᠤᠰ ᠤᠳᠠᠭᠠᠨ ᠤ ᠰᠢᠯᠭᠠᠷᠠᠭᠤᠯᠤᠯᠲᠠ ᠪᠠᠷ ᠴᠤ᠋ ᠰᠢᠨ᠎ᠡ ᠡᠬᠢᠯᠡᠯᠲᠡ ᠪᠣᠯᠭᠠᠵᠤ᠂ | ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠲᠡᠭᠦᠨ ᠤ ᠤᠷᠳᠤ | ᠬᠤᠭᠤᠴᠠᠭ᠎ᠠ ᠪᠠᠷ ᠲᠣᠭᠲᠠᠭᠤᠨ᠂ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠪᠠᠶᠢᠴᠠᠭᠠᠨ | ᠰᠢᠯᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠲᠥᠪ ᠭᠤᠣᠯᠴᠢ ᠴᠢᠨᠠᠷ᠂ ᠣᠨᠣᠪᠴᠢᠲᠤ ᠴᠢᠨᠠᠷ ᠪᠠ | ᠥᠨᠳᠥᠷ ᠪᠦᠲᠦᠮᠵᠢᠲᠦ ᠴᠢᠨᠠᠷ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠦᠢᠯᠡᠴᠢᠯᠡᠭᠡᠨ ᠤ ᠣᠷᠣᠨ ᠪᠦᠰᠡ ᠶᠢᠨ | ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠠᠵᠢᠯ ᠳᠤ ᠪᠠᠲᠤ ᠪᠠᠬᠢ | ᠮᠡᠷᠭᠡᠵᠢᠯ ᠤᠨ ᠰᠠᠭᠤᠷᠢ ᠶᠢ ᠲᠠᠯᠪᠢᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯᠭᠦᠢ ᠶᠢᠨ ᠬᠢᠷᠢ ᠬᠡᠮᠵᠢᠶ᠎ᠡ ᠶᠢᠨ ᠰᠢᠨ᠎ᠡ ᠥᠨᠳᠥᠷᠴᠡ ᠲᠡᠶᠢᠰᠢ ᠤᠷᠤᠭᠰᠢᠯᠠᠬᠤ ᠳᠤ ᠬᠦᠴᠦᠨ | ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |