ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠲᠣᠭᠠᠴᠢᠯᠠᠭᠰᠠᠨ ᠣᠷᠣᠨ ᠰᠠᠭᠤᠴᠠ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2025/3/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠪᠥᠬᠦ ᠠᠵᠢᠯ ᠲᠥᠷᠥᠯ ᠤᠨ ᠬᠦᠴᠦᠨ ᠢᠶᠠᠷ ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ︾ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠣᠷᠣᠨ ᠨᠤᠲᠤᠭ ᠤᠨ ᠪᠣᠳᠠᠲᠤ ᠪᠠᠶᠢᠳᠠᠯ ᠬᠢᠭᠡᠳ ᠠᠵᠢᠯ ᠲᠥᠷᠥᠯ ᠤᠨ ᠬᠢᠨᠠᠯᠳᠠ ᠬᠠᠮᠢᠶᠠᠷᠤᠯᠳᠠ ᠵᠠᠰᠠᠯᠳᠠ ᠶᠢᠨ ᠣᠨᠴᠠᠯᠢᠭ ᠲᠤ ᠰᠠᠭᠤᠷᠢᠯᠠᠨ᠂ ︽ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ︾ ᠭᠤᠷᠪᠠᠨ ᠱᠠᠲᠤᠨ ᠤ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ︽3+N︾ ᠤᠨ ᠶᠡᠷᠦᠩᠬᠡᠢ ᠪᠣᠷᠣ ᠲᠥᠯᠥᠪ ᠤᠨ ᠲᠣᠭᠤᠷᠢᠨ ᠳᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠡᠮᠬᠢᠯᠡᠨ ᠨᠡᠶᠢᠯᠡᠭᠦᠯᠬᠦ ᠲᠠᠪᠴᠠᠩ ᠢ ᠪᠠᠶᠢᠭᠤᠯᠤᠨ᠎ᠠ᠃       ᠠᠵᠢᠯ ᠲᠥᠷᠥᠯ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠥᠪᠥᠷ ᠮᠣᠩᠭᠤᠯ ᠲᠣᠭᠠᠴᠢᠯᠠᠭᠰᠠᠨ ᠵᠠᠰᠠᠭ ᠤᠨ ᠶᠠᠪᠤᠳᠠᠯ᠂ ᠲᠣᠭᠠᠴᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ᠂ ᠲᠣᠭᠠᠴᠢᠯᠠᠭᠰᠠᠨ ᠬᠤᠲᠠ᠂ ᠲᠣᠭᠠᠴᠢᠯᠠᠭᠰᠠᠨ ᠢᠨᠵᠧᠨᠧᠷᠢᠩ ᠵᠡᠷᠭᠡ ᠲᠠᠯ᠎ᠠ ᠪᠠᠷ ᠬᠦᠴᠦᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠲᠦᠯᠬᠢᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠢᠨᠠᠨ ᠵᠦᠪᠰᠢᠶᠡᠷᠡᠯ ᠤᠨ ᠴᠢᠳᠠᠮᠵᠢ ᠶᠢ ᠡᠮᠬᠢᠯᠡᠨ ᠨᠡᠶᠢᠯᠡᠭᠦᠯᠵᠦ ᠣᠶᠤᠨᠲᠤ ᠬᠢᠨᠠᠨ ᠵᠦᠪᠰᠢᠶᠡᠷᠡᠯ ᠤᠨ ᠲᠠᠪᠴᠠᠩ ᠪᠣᠯᠭᠠᠨ ᠪᠠᠶᠢᠭᠤᠯᠵᠤ᠂ ᠪᠦᠷᠢᠨ ᠴᠢᠳᠠᠮᠵᠢ ᠲᠠᠢ ᠲᠣᠭᠠᠴᠢᠯᠠᠭᠰᠠᠨ ᠵᠠᠰᠠᠭ ᠤᠨ ᠶᠠᠪᠤᠳᠠᠯ ᠢ ᠬᠠᠮᠤᠷᠪᠠ᠃ ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠤᠬᠢᠷᠠᠭᠤᠯᠤᠯᠳᠠ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠂ ᠬᠠᠮᠢᠶᠠᠷᠤᠯᠲᠠ ᠶᠢᠨ ᠬᠢᠷᠢ ᠲᠦᠪᠰᠢᠨ ᠪᠠ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠣᠭᠠᠴᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠪᠠᠶᠢᠭᠤᠯᠤᠨ᠎ᠠ᠃ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠬᠦᠯᠢ ᠴᠣᠭᠴᠠ ᠶᠢᠨ ᠪᠣᠷᠣ ᠲᠥᠯᠥᠪ ᠤᠨ ᠰᠠᠭᠤᠷᠢᠨ ᠳᠡᠭᠡᠷ᠎ᠡ᠂ ᠭᠤᠷᠪᠠᠨ ᠱᠠᠲᠤᠨ ᠤ ︽ᠲᠤᠯᠠᠭᠠᠯᠭ᠎ᠠ ᠶᠢᠨ ᠢᠨᠵᠧᠨᠧᠷᠢᠩ︾ ᠤᠨ ᠰᠠᠭᠤᠭᠠᠯᠢ ᠠᠷᠠᠳ ᠤᠨ ᠭᠡᠷ ᠤᠨ ᠳᠤᠯᠠᠭᠠᠨ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠭᠡᠷ ᠤᠨ ᠳᠤᠯᠠᠭᠠᠨ ᠤ ᠬᠢᠨᠠᠨ ᠬᠡᠮᠵᠢᠯᠲᠡ ᠶᠢ ᠨᠡᠶᠢᠳᠡᠮ ᠪᠦᠷᠬᠦᠭᠦᠯᠦᠭᠰᠡᠨ ᠲᠣᠭᠠᠴᠢᠯᠠᠭᠰᠠᠨ ᠬᠤᠲᠠ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ᠃ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠶᠤᠨᠴᠢ ᠰᠡᠷᠡᠯ ᠤᠨ ᠲᠥᠬᠦᠭᠡᠷᠦᠮᠵᠢ ᠳᠤ ᠲᠦᠰᠢᠭᠯᠡᠨ᠂ ᠡᠭᠦᠯᠡ ᠪᠣᠳᠠᠰ ᠬᠠᠷᠢᠯᠴᠠᠨ ᠬᠤᠯᠪᠣᠯᠳᠤᠭᠰᠠᠨ ᠲᠣᠭᠠᠴᠢᠯᠠᠭᠰᠠᠨ ᠪᠠᠷᠢᠯᠭ᠎ᠠ ᠶᠢᠨ ᠭᠠᠵᠠᠷ ᠢ ᠪᠠᠶᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠴᠠᠷᠠᠭ᠎ᠠ ᠪᠠᠷ ᠬᠠᠮᠢᠶᠠᠷᠤᠨ ᠡᠵᠡᠮᠳᠡᠬᠦ ᠲᠣᠭᠠᠴᠢᠯᠠᠭᠰᠠᠨ ᠢᠨᠵᠧᠨᠧᠷᠢᠩ ᠵᠡᠷᠭᠡ ᠶᠢᠨ ᠠᠬᠢᠴᠠ ᠪᠠ ᠦᠷ᠎ᠡ ᠪᠦᠲᠦᠮᠵᠢ ᠶᠢ ᠪᠡᠶᠡᠯᠡᠭᠦᠯᠦᠨ᠎ᠡ᠃       ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠪᠦᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ 2024 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠣᠷᠣᠨ ᠪᠦᠰᠡ ᠶᠢᠨ ᠪᠣᠳᠠᠲᠠᠢ ᠲᠠᠢ ᠤᠶᠠᠯᠳᠤᠭᠤᠯᠤᠨ᠂ ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠦᠷᠭᠡᠳᠬᠡᠨ ᠠᠬᠢᠭᠤᠯᠬᠤ ᠲᠤᠬᠠᠢ ᠪᠠᠶᠢᠷᠢᠯᠠᠭᠤᠯᠵᠤ᠂ ︽ᠲᠣᠭᠠᠴᠢᠯᠠᠭᠰᠠᠨ ᠣᠷᠣᠨ ᠰᠠᠭᠤᠴᠠ ︾ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠢᠶᠠᠷ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠎ᠠ᠃ ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1