ᠠᠩᠬ᠎ᠠ ᠤᠳᠠᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠵᠦ ᠤᠷᠤᠭᠤᠯᠤᠭᠰᠠᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢᠨ ᠲᠤᠬᠠᠢ ᠦᠭᠦᠯᠡᠯᠳᠡ ᠨᠢ ᠪᠥᠬᠦ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠦᠨᠳᠦᠰᠦᠨ ᠬᠥᠭ ᠠᠶᠠᠰ ᠢ ᠲᠣᠭᠲᠠᠭᠠᠪᠠ
ᠨᠡᠶᠢᠲᠡᠯᠡᠭᠰᠡᠨ ᠴᠠᠭ᠄
2025/3/7
      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠲᠤᠬᠠᠢ ᠴᠥᠭᠡᠨ ᠪᠤᠰᠤ ᠥᠭᠦᠯᠡᠯᠲᠡ ᠪᠠᠶᠢᠨ᠎ᠠ᠂ ᠡᠭᠦᠨ ᠳᠤ ︽ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠰᠲ᠋ᠣᠺ ᠤᠨ ᠵᠠᠬ᠎ᠠ ᠶᠢ ᠲᠣᠭᠲᠠᠭᠤᠨ ᠪᠠᠶᠢᠯᠭᠠᠬᠤ︾ ︽ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠨᠡᠩ ᠶᠡᠭᠡ ᠡᠷᠴᠢᠮ ᠢᠶᠠᠷ ᠠᠬᠢᠭᠤᠯᠬᠤ︾ ᠵᠢᠴᠢ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ︾ ᠶᠢ ᠪᠠᠭᠲᠠᠭᠠᠭᠰᠠᠨ ︽ᠲᠣᠭᠲᠠᠭᠤᠨ ᠪᠠᠶᠢᠯᠭᠠᠬᠤ︾ ᠶᠢ ᠣᠯᠠᠨᠲᠠ ᠳᠤᠷᠠᠳᠤᠭᠰᠠᠨ ᠪᠠᠶᠢᠨ᠎ᠠ᠃      ᠡᠭᠦᠨ ᠤ ᠲᠤᠬᠠᠢ ᠲᠤᠰᠬᠠᠢ ᠮᠡᠷᠭᠡᠵᠢᠯᠲᠡᠨ ᠤ ᠢᠯᠡᠷᠬᠡᠶᠢᠯᠡᠯᠳᠡ ᠨᠢ᠂ ᠪᠥᠬᠦ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠦᠨᠳᠦᠰᠦᠨ ᠬᠥᠭ ᠠᠶᠠᠰ ᠢ ᠲᠣᠭᠲᠠᠭᠠᠵᠤ᠂ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠃      ᠪᠥᠬᠦ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠦᠨᠳᠦᠰᠦᠨ ᠬᠥᠭ ᠠᠶᠠᠰ ᠢ ᠲᠣᠭᠲᠠᠭᠠᠪᠠ      ᠠᠵᠢᠯ ᠲᠥᠷᠥᠯ ᠤᠨ ᠳᠣᠲᠣᠭᠠᠳᠤ ᠶᠢᠨ ᠬᠥᠮᠥᠰ ᠤᠨ ᠬᠡᠯᠡᠬᠦ ᠪᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠤᠨ ᠲᠠᠯ᠎ᠠ ᠪᠠᠷ ᠨᠡᠯᠢᠶᠡᠳ ᠤᠯᠠᠨ ᠦᠭᠦᠯᠡᠯᠳᠡ ᠪᠠᠶᠢᠨ᠎ᠠ᠂ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠤᠭᠰᠠᠨ ᠨᠢ 2024 ᠣᠨ ᠤ ᠵᠢᠯ ᠤᠨ ᠡᠴᠦᠰ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠦᠨᠳᠦᠰᠦᠨ ᠬᠦᠭ ᠠᠶᠠᠰ ᠲᠠᠢ ᠨᠢᠭᠡᠳᠦᠯᠳᠡᠢ ᠪᠠᠶᠢᠨ᠎ᠠ᠃ ᠡᠭᠦᠨ ᠠᠴᠠ ᠭᠠᠳᠠᠨ᠎ᠠ᠂ ᠢᠯᠡᠳᠬᠡᠯ ᠳᠤ ︽ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠨ᠎ᠠ︾ ᠭᠡᠵᠦ ᠳᠤᠷᠠᠳᠤᠨ ᠭᠠᠷᠭᠠᠭᠰᠠᠨ ᠨᠢ ᠬᠡᠰᠡᠭ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠤᠳᠠᠯᠳᠤᠨ ᠠᠪᠬᠤ ᠶᠢ ᠬᠢᠵᠠᠭᠠᠷᠯᠠᠬᠤ ᠵᠢᠭᠡᠯᠡᠯᠭᠡ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠮᠥᠨ ᠬᠦ ᠲᠣᠬᠢᠷᠠᠭᠤᠯᠤᠯᠲᠠ ᠬᠢᠬᠦ ᠣᠷᠣᠨ ᠵᠠᠢ ᠪᠠᠶᠢᠬᠤ ᠶᠢ ᠬᠠᠷᠠᠭᠤᠯᠵᠦ ᠪᠠᠶᠢᠨ᠎ᠠ᠃      ᠡᠭᠦᠨ ᠤ ᠵᠡᠷᠭᠡ ᠳᠤ᠂ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠦᠷᠭᠦᠯᠵᠢᠯᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ ᠵᠢᠴᠢ ᠠᠷᠠᠯᠵᠢᠶᠠᠨ ᠤ ᠭᠠᠶᠢᠯᠢ ᠰᠦᠢᠳᠬᠡᠯ ᠤᠨ ᠬᠦᠩᠭᠡᠷᠡᠭᠦᠯᠵᠦ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠬᠠᠩᠭᠠᠨ᠎ᠠ ᠭᠡᠵᠦ ᠵᠢᠭᠠᠵᠤ ᠭᠠᠷᠭᠠᠪᠠ᠃ ᠬᠠᠩᠭᠠᠯᠭ᠎ᠠ ᠶᠢᠨ ᠲᠠᠯ᠎ᠠ ᠪᠠᠷ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠢ ᠲᠦᠯᠬᠢᠨ ᠠᠬᠢᠭᠤᠯᠤᠨ᠎ᠠ︾ ᠭᠡᠵᠦ ᠠᠩᠬ᠎ᠠ ᠤᠳᠠᠭ᠎ᠠ ᠳᠤᠷᠠᠳᠤᠭᠰᠠᠨ ᠪᠥᠭᠡᠳ ᠦᠨ᠎ᠡ ᠲᠣᠭᠲᠠᠭᠠᠬᠤ ᠪᠠ ᠬᠡᠷᠡᠭᠯᠡᠭᠡᠨ ᠤ ᠡᠵᠡᠨ ᠮᠡᠳᠡᠬᠦ ᠡᠷᠬᠡ ᠤᠯᠭᠤᠨ᠎ᠠ ᠭᠡᠵᠦ ᠲᠣᠳᠣᠷᠬᠠᠢ ᠲᠣᠭᠲᠠᠭᠠᠵᠠᠢ᠂ ᠡᠨᠡ ᠨᠢ ᠵᠠᠬ᠎ᠠ ᠳᠡᠯᠭᠡᠭᠦᠷ ᠤᠨ ᠬᠠᠳᠠᠭᠠᠯᠠᠯᠲᠠ ᠶᠢ ᠰᠢᠭᠤᠳ ᠰᠢᠩᠭᠡᠭᠡᠵᠦ᠂ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠬᠦ ᠳᠤ ᠠᠰᠢᠭᠲᠠᠢ ᠶᠤᠮ᠃      ᠱᠠᠩᠬᠠᠢ ᠶᠢᠨ ᠢ ᠵᠢᠦᠢ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠠᠨ ᠶᠦᠸᠧ ᠶᠢᠨ ᠢᠯᠡᠷᠬᠡᠶᠢᠯᠡᠬᠦ ᠳᠡᠭᠡᠨ᠂ ᠡᠨᠡ ᠬᠦ ᠲᠥᠷᠥ ᠶᠢᠨ ᠪᠣᠳᠣᠯᠭ᠎ᠠ ᠳᠤ ᠪᠠᠰᠠ ᠮᠠᠰᠢ ᠣᠯᠠᠨ ᠰᠢᠨ᠎ᠡ ᠥᠭᠦᠯᠡᠯᠲᠡ ᠪᠣᠶ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠪᠣᠯᠬᠤᠷ ᠨᠡᠨ ᠵᠢᠯ ᠡᠨᠡ ᠬᠦ ᠠᠵᠢᠯ ᠤᠨ ᠠᠶᠢᠵᠠᠮ ᠲᠦᠷᠭᠡᠰᠴᠦ᠂ ᠠᠵᠢᠯ ᠤᠨ ᠦᠷ᠎ᠡ ᠪᠦᠲᠦᠮᠵᠢ ᠳᠡᠭᠡᠭᠰᠢᠯᠡᠵᠦ᠂ ᠠᠵᠢᠯᠯᠠᠬᠤ ᠠᠷᠭ᠎ᠠ ᠤᠯᠠᠮ ᠨᠢᠭᠡ ᠠᠯᠬᠤᠮ ᠰᠢᠯᠢᠳᠡᠭᠵᠢᠬᠦ ᠪᠣᠯᠣᠨ᠎ᠠ᠃ ᠡᠨᠡ ᠵᠢᠯ ᠤᠨ 1  ᠠᠴᠠ 2 ᠳ᠋ᠤᠭᠠᠷ ᠰᠠᠷ᠎ᠠ ᠶᠢᠨ ᠵᠠᠬ᠎ᠠ ᠳᠡᠯᠭᠡᠭᠦᠷ ᠤᠨ ᠢᠯᠡᠷᠡᠯ ᠪᠣᠯ ᠮᠠᠰᠢ ᠢᠳᠡᠪᠬᠢᠲᠡᠢ ᠶᠤᠮ᠂ ᠡᠨᠡ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ︽ᠪᠠᠭᠤᠷᠠᠬᠤ ᠶᠢ ᠵᠣᠭᠰᠣᠭᠠᠵᠤ ᠳᠠᠬᠢᠨ ᠲᠤᠭᠳᠠᠪᠦᠷᠢᠵᠢᠭᠤᠯᠬᠤ ᠶᠢ ᠠᠬᠢᠭᠤᠯᠬᠤ︾ ᠠᠵᠢᠯ ᠰᠠᠶᠢᠵᠢᠷᠠᠯᠲᠠ ᠲᠠᠢ ᠪᠣᠯᠬᠤ ᠳᠤ ᠢᠲᠡᠭᠡᠯ ᠲᠡᠭᠦᠯᠳᠡᠷ ᠪᠠᠶᠢᠨ᠎ᠠ ᠭᠡᠵᠡᠢ᠃      ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠠᠩᠬ᠎ᠠ ᠤᠳᠠᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠵᠦ ᠤᠷᠤᠭᠤᠯᠵᠠᠢ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠠᠩᠬ᠎ᠠ ᠤᠳᠠᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠨ ᠣᠷᠣᠭᠤᠯᠵᠤ᠂ ᠣᠯᠠᠨ ᠲᠦᠮᠡᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠣᠷᠣᠨ ᠰᠠᠭᠤᠴᠠ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ ᠡᠯ᠎ᠡ ᠭᠠᠵᠠᠷ ᠤᠨ ᠬᠢᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢᠨ ᠲᠤᠬᠠᠢ ᠬᠤᠯᠪᠣᠭᠳᠠᠯ ᠪᠦᠬᠦᠢ ᠦᠢᠯᠡᠳᠦᠯᠭᠡ ᠶᠢᠨ ᠰᠦᠪᠡᠭᠴᠢᠯᠡᠯ ᠢ ᠢᠳᠡᠪᠬᠢᠲᠡᠢ ᠪᠠᠷ ᠥᠷᠨᠢᠭᠦᠯᠵᠦ ᠪᠠᠶᠢᠨ᠎ᠠ᠃      ᠦᠭᠡ ᠦᠰᠦᠭ ᠤᠨ ᠤᠳᠬ᠎ᠠ ᠠᠴᠠ ᠣᠶᠢᠯᠠᠭᠠᠪᠠᠯ᠂ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠡᠷᠬᠡᠪᠰᠢ ᠠᠮᠤᠷ ᠲᠦᠪᠰᠢᠨ᠂ ᠨᠡᠭᠦᠷᠡᠰᠦᠲᠥ᠋ᠷᠥᠭᠴᠢ ᠪᠠᠭ᠎ᠠ᠂ ᠪᠣᠬᠢᠷᠲᠤᠯ ᠦᠭᠡᠢ᠂ ᠣᠶᠤᠨᠴᠢ ᠵᠡᠷᠭᠡ ᠳᠥᠷᠪᠡᠨ ᠣᠨᠴᠠᠯᠢᠭ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ ᠪᠣᠳᠠᠲᠠᠢ ᠪᠠᠷ ᠬᠡᠯᠡᠪᠡᠯ᠂ ᠪᠣᠬᠢᠷᠲᠤᠯ ᠦᠭᠡᠢ ᠪᠣᠯ ᠳᠠᠷᠤᠢ ᠬᠥᠮᠥᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠡᠷᠡᠭᠦᠯ ᠮᠡᠨᠳᠦ ᠪᠠᠶᠢᠯᠭᠠᠬᠤ ᠶᠢᠨ ᠲᠥᠯᠥᠭᠡ ᠶᠤᠮ᠂ ᠨᠡᠭᠦᠷᠡᠰᠦᠲᠥ᠋ᠷᠥᠭᠴᠢ ᠪᠠᠭ᠎ᠠ ᠪᠣᠯ ᠳᠠᠷᠤᠢ ᠰᠠᠭᠤᠭᠠᠯᠢ ᠠᠷᠠᠳ ᠲᠤ ᠵᠣᠭᠤᠰ ᠠᠷᠪᠢᠯᠠᠵᠤ ᠥᠭᠬᠦ ᠶᠢᠨ ᠲᠥᠯᠥᠭᠡ ᠶᠤᠮ᠂ ᠮᠥᠨ ᠴᠦ ᠨᠡᠶᠢᠭᠡᠮ ᠳᠤ ᠡᠨᠧᠷᠭᠢ ᠠᠷᠪᠢᠯᠠᠬᠤ ᠶᠢᠨ ᠲᠥᠯᠥᠭᠡ ᠶᠤᠮ᠂ ᠣᠶᠤᠨᠴᠢ ᠪᠣᠯ ᠳᠠᠷᠤᠢ ᠰᠠᠭᠤᠭᠠᠯᠢ ᠠᠷᠠᠳ ᠤᠨ ᠬᠡᠷᠡᠭᠯᠡᠬᠦ ᠳᠤ ᠨᠠᠩ ᠲᠥᠬᠦᠮ ᠪᠤᠯᠭᠠᠬᠤ ᠶᠢᠨ ᠲᠥᠯᠥᠭᠡ ᠶᠤᠮ᠂ ᠠᠮᠤᠷ ᠲᠦᠪᠰᠢᠨ ᠪᠣᠯ ᠳᠠᠷᠤᠢ ᠰᠠᠭᠤᠭᠠᠯᠢ ᠠᠷᠠᠳ ᠢ ᠰᠠᠨᠠᠭ᠎ᠠ ᠠᠮᠤᠷ᠂ ᠠᠮᠦᠭᠤᠯᠠᠩ ᠠᠮᠢᠳᠤᠷᠠᠭᠤᠯᠬᠤ ᠶᠢᠨ ᠲᠥᠯᠥᠭᠡ ᠶᠤᠮ᠃      ᠶᠠᠨ ᠶᠦᠸᠧ ᠶᠢᠨ ᠬᠡᠯᠡᠬᠦ ᠳᠡᠭᠡᠨ᠄ ︽ᠡᠨᠡ ᠵᠢᠯ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠪᠢᠴᠢᠭ ᠮᠠᠲ᠋ᠧᠷᠢᠶᠠᠯ ᠳᠤ ᠪᠢᠴᠢᠵᠦ ᠣᠷᠣᠭᠤᠯᠤᠭᠰᠠᠨ ᠨᠢ ᠪᠢᠳᠡᠨ ᠤ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠳᠡᠭ ᠢ ᠤᠯᠠᠮ ᠨᠢᠭᠡ ᠠᠯᠬᠤᠮ ᠲᠣᠳᠣᠷᠬᠠᠶᠢᠯᠠᠵᠤ ᠪᠠᠶᠢᠨ᠎ᠠ᠂ ︿ᠰᠠᠶᠢᠨ ᠭᠡᠷ ᠪᠠᠶᠢᠰᠢᠩ﹀ ᠤᠨ ᠪᠠᠷᠢᠮᠵᠢᠶ᠎ᠠ ᠶᠢ ᠴᠤ ᠡᠨᠡ ᠤᠳᠠᠭ᠎ᠠ ᠪᠢᠴᠢᠵᠦ ᠣᠷᠣᠭᠤᠯᠵᠠᠢ᠂ ᠡᠨᠡ ᠨᠢ ᠪᠠᠰᠠ ᠮᠠᠨ ᠤ ᠡᠯ᠎ᠡ ᠭᠠᠵᠠᠷ ᠤᠨ ᠬᠢᠨ ᠡᠲᠡᠭᠡᠷ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠨᠠᠩ ᠰᠠᠶᠢᠨ ᠳᠡᠮᠵᠢᠯᠭᠡ ᠦᠵᠡᠭᠦᠯᠬᠦ ᠶᠢ ᠱᠠᠭᠠᠷᠳᠠᠵᠤ ᠪᠠᠶᠢᠨ᠎ᠠ︾ ᠭᠡᠵᠡᠢ᠃      ᠣᠳᠣᠬᠠᠨ ᠳᠤ᠂ ᠡᠯ᠎ᠡ ᠭᠠᠵᠠᠷ ᠤᠨ ᠬᠢᠨ ᠨᠢᠭᠡᠨᠲᠡ ᠪᠠᠷᠢᠮᠵᠢᠶ᠎ᠠ᠂ ᠲᠥᠷᠥ ᠶᠢᠨ ᠪᠣᠳᠣᠯᠭ᠎ᠠ᠂ ᠵᠢᠱᠢᠶ᠎ᠡ ᠦᠵᠡᠭᠦᠯᠬᠦ᠂ ᠬᠢᠨᠠᠨ ᠬᠠᠮᠢᠶᠠᠷᠤᠯᠳᠠ᠂ ᠠᠵᠤ ᠦᠢᠯᠡᠰ ᠵᠡᠷᠭᠡ ᠲᠠᠯ᠎ᠠ ᠪᠠᠷ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠰᠦᠪᠡᠭᠴᠢᠯᠡᠯᠲᠡ ᠦᠢᠯᠡᠳᠦᠯᠭᠡ ᠶᠢ ᠰᠠᠶᠢᠲᠤᠷ ᠥᠷᠨᠢᠭᠦᠯᠵᠦ ᠪᠠᠶᠢᠨ᠎ᠠ᠃ ᠱᠠᠨᠳᠦ᠋ᠩ᠂ ᠬᠤᠪᠧᠢ᠂ ᠴᠦᠩᠴᠢᠩ ᠵᠡᠷᠭᠡ ᠭᠠᠵᠠᠷ ᠤᠨ ᠬᠢᠨ ᠴᠢᠨᠠᠷ ᠰᠠᠶᠢᠲᠠᠢ ᠣᠷᠣᠨ ᠰᠠᠭᠤᠴᠠ ᠶᠢᠨ ᠪᠠᠷᠢᠮᠵᠢᠶ᠎ᠠ ᠶᠢ ᠡᠬᠢᠯᠡᠨ ᠨᠠᠶᠢᠷᠠᠭᠤᠯᠤᠨ ᠵᠤᠬᠢᠶᠠᠬᠤ ᠪᠤᠶᠤ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠬᠢᠨᠠᠨ ᠵᠥᠪᠰᠢᠶᠡᠷᠡᠬᠦ ᠶᠠᠪᠤᠴᠠ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠠᠳᠠᠯ ᠠᠬᠤᠢ ᠶᠢᠨ ᠠᠵᠢᠯᠯᠠᠭᠠᠨ ᠵᠡᠷᠭᠡ ᠣᠷᠴᠢᠨ ᠨᠥᠬᠦᠴᠡᠯ ᠤᠨ ᠲᠣᠭᠤᠷᠢᠨ ᠳᠤ ᠴᠢᠨᠠᠷ ᠰᠠᠶᠢᠲᠠᠢ ᠣᠷᠣᠨ ᠰᠠᠭᠤᠴᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠠᠢ᠃      ᠴᠢᠩᠳᠣᠣ᠂ ᠽᠢ ᠪᠥᠸᠧ ᠵᠡᠷᠭᠡ ᠭᠠᠵᠠᠷ ᠤᠨ ᠬᠢᠨ ᠶᠠᠰᠤ ᠴᠢᠨᠠᠷ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠪᠠᠷᠢᠯᠭ᠎ᠠ ᠶᠢᠨ ᠭᠠᠵᠠᠷ ᠤᠨ ᠨᠡᠭᠡᠭᠡᠯᠲᠡ ᠶᠢᠨ ᠡᠳᠦᠷ ᠪᠠ ᠤᠷᠢᠳ ᠢᠶᠠᠷ ᠭᠡᠷ ᠪᠠᠶᠢᠰᠢᠩ ᠢ ᠪᠠᠶᠢᠴᠠᠭᠠᠵᠦ ᠳᠠᠷᠠᠭ᠎ᠠ ᠭᠡᠷ ᠪᠠᠶᠢᠰᠢᠩ ᠶᠢ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠤᠨ ᠬᠢᠨᠠᠯᠲᠠ ᠲᠠᠯᠪᠢᠬᠤ ᠶᠢ ᠠᠬᠢᠭᠤᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠳᠤᠯᠠᠨ᠎ᠠ᠃ ᠡᠭᠦᠨ ᠤ ᠵᠡᠷᠭᠡ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠰᠢᠨ᠎ᠡ ᠨᠢᠭᠡ ᠦᠶ᠎ᠡ ᠶᠢᠨ ᠣᠷᠣᠨ ᠰᠠᠭᠤᠴᠠ ᠶᠢᠨ ᠦᠢᠯᠡᠳᠬᠦᠨ ᠢ ᠰᠤᠳᠤᠯᠤᠨ ᠨᠡᠭᠡᠭᠡᠬᠦ ᠶᠢ ᠬᠦᠴᠦᠯᠡᠨ ᠴᠢᠩᠭᠠᠳᠬᠠᠵᠤ᠂ ᠪᠠᠭᠲᠠᠭᠠᠮᠵᠢ ᠶᠢ ᠪᠤᠳᠤᠬᠤ ᠳᠦᠷᠢᠮ ᠤᠨ ᠲᠣᠬᠢᠷᠠᠭᠤᠯᠤᠯᠲᠠ ᠠᠴᠠ ᠪᠣᠯᠤᠭᠰᠠᠨ ᠢᠳᠡᠪᠬᠢᠲᠡᠢ ᠨᠥᠯᠥᠭᠡ ᠶᠢ ᠭᠦᠢᠴᠡᠳ ᠠᠰᠢᠭᠯᠠᠬᠤ ᠪᠠᠷ ᠳᠠᠮᠵᠢᠭᠤᠯᠤᠨ ᠣᠷᠣᠨ ᠰᠠᠭᠤᠴᠠ ᠶᠢᠨ ᠦᠢᠯᠡᠳᠬᠦᠨ ᠤ ᠲᠠᠲᠠᠬᠤ ᠬᠦᠴᠦᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ      ᠰᠢᠨ᠎ᠡ ᠭᠡᠷ ᠪᠠᠶᠢᠰᠢᠩ ᠢᠶᠠᠷ ᠪᠠᠷᠠᠬᠤ ᠦᠭᠡᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠣᠭᠤᠷᠢᠨ ᠳᠤ᠂ ᠡᠯ᠎ᠡ ᠭᠠᠵᠠᠷ ᠤᠨ ᠬᠢᠨ ᠣᠳᠣᠬᠠᠨ ᠳᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠳᠦᠷᠢᠮ ᠢ ᠲᠡᠭᠦᠯᠳᠡᠷᠵᠢᠭᠦᠯᠬᠦ᠂ ᠲᠥᠷᠥᠯ ᠵᠦᠢᠯ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠪᠠᠶᠢᠨ᠎ᠠ᠃ ᠵᠢᠱᠢᠶᠡᠯᠡᠪᠡᠯ ︽ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠵᠠᠮ ᠬᠠᠷᠢᠯᠴᠠᠭ᠎ᠠ ᠳᠥᠭᠦᠮ᠂ ᠣᠯᠠᠨ ᠨᠡᠶᠢᠲᠡ ᠶᠢᠨ ᠲᠥᠬᠦᠭᠡᠷᠦᠮᠵᠢ ᠨᠡᠯᠢᠶᠡᠳ ᠪᠦᠷᠢᠨ ᠣᠷᠣᠨ ᠪᠦᠰᠡ ᠳᠤ ᠤᠷᠢᠳᠠᠪᠠᠷ ᠲᠣᠬᠢᠷᠠᠭᠤᠯᠵᠤ᠂ ᠠᠵᠢᠯ ᠪᠠ ᠣᠷᠣᠨ ᠰᠠᠭᠤᠴᠠ ᠶᠢᠨ ᠲᠡᠩᠴᠡᠭᠦᠷᠢ ᠶᠢ ᠪᠡᠶᠡᠯᠡᠭᠦᠯᠬᠦ ᠶᠢ ᠠᠬᠢᠭᠤᠯᠵᠦ ᠪᠠᠶᠢᠨ᠎ᠠ︾᠃ ᠣᠳᠣᠬᠠᠨ ᠳᠤ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠵᠢᠱᠢᠶ᠎ᠡ ᠦᠵᠡᠭᠦᠯᠬᠦ ᠨᠢᠭᠡ ᠪᠦᠯᠦᠭ ᠲᠦᠷᠦᠯ ᠵᠦᠢᠯ ᠢ ᠨᠢᠭᠡᠨᠲᠡ ᠲᠣᠭᠲᠠᠭᠠᠭᠰᠠᠨ ᠪᠠᠶᠢᠨ᠎ᠠ᠃      ᠡᠨᠡ ᠵᠢᠯ ᠬᠤᠲᠠ ᠶᠢᠨ ᠰᠢᠨᠡᠴᠢᠯᠡᠯᠲᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ       ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠨᠡ ᠵᠢᠯ ︽ᠬᠤᠲᠠ ᠶᠢᠨ ᠰᠢᠨᠡᠴᠢᠯᠡᠯᠲᠡ ᠪᠠ ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠳᠣᠣᠷ᠎ᠠ ᠠᠰᠢᠭᠯᠠᠮᠵᠢ ᠲᠠᠢ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ᠎ᠡ︾ ᠭᠡᠵᠦ ᠳᠤᠷᠠᠳᠤᠨ ᠭᠠᠷᠭᠠᠵᠠᠢ᠃ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠬᠤᠲᠠ ᠶᠢᠨ ᠰᠢᠨᠡᠴᠢᠯᠡᠯᠲᠡ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠣᠳᠣᠬᠢ ᠱᠠᠲᠤᠨ ᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠶᠢᠨ ᠴᠢᠬᠤᠯᠠ ᠭᠠᠷᠳᠠᠴᠠ ᠮᠥᠨ᠂ ᠡᠨᠡ ᠵᠢᠯ ᠡᠯ᠎ᠡ ᠭᠠᠵᠠᠷ ᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠤᠯᠠᠮ ᠨᠢᠭᠡ ᠠᠯᠬᠤᠮ ᠲᠦᠷᠭᠡᠳᠬᠦ ᠶᠢ ᠢᠲᠡᠭᠡᠵᠦ ᠪᠠᠶᠢᠨ᠎ᠠ ᠭᠡᠵᠡᠢ᠃      ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠬᠤᠲᠠ ᠶᠢᠨ ᠲᠤᠮᠳᠠᠬᠢ ᠲᠣᠰᠬᠤᠨ ᠤ ᠥᠭᠡᠷᠡᠴᠢᠯᠡᠯᠲᠡ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠥᠭᠡᠷᠡᠴᠢᠯᠡᠯᠲᠡ᠂ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠣᠷᠣᠨ ᠰᠠᠭᠤᠴᠠ ᠰᠣᠯᠢᠬᠤ ᠯᠤᠲᠤ ᠶᠡᠭᠡ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ ᠨᠠᠩ ᠣᠯᠠᠨ ᠨᠡᠶᠢᠭᠡᠮ ᠤᠨ ᠬᠥᠷᠥᠩᠭᠡ ᠶᠢ ᠬᠤᠲᠠ ᠶᠢᠨ ᠰᠢᠨᠡᠴᠢᠯᠡᠯᠲᠡ ᠳᠤ ᠣᠷᠣᠯᠴᠠᠭᠤᠯᠬᠤ ᠪᠣᠯᠣᠨ᠎ᠠ ᠭᠡᠵᠡᠢ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠣᠶᠢᠯᠠᠭᠠᠭᠰᠠᠨ  ᠢᠶᠠᠷ᠂ ᠡᠨᠡ ᠵᠢᠯ ᠮᠠᠨ ᠤ ᠤᠯᠤᠰ ᠨᠢᠭᠡ ᠪᠦᠯᠦᠭ ᠬᠤᠲᠠ ᠶᠢᠨ ᠰᠢᠨᠡᠴᠢᠯᠡᠯᠳᠡ ᠦᠭᠡᠷᠡᠴᠢᠯᠡᠯᠳᠡ ᠶᠢᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠂ 2000 ᠣᠨ ᠤ ᠵᠢᠯ ᠤᠨ ᠡᠴᠦᠰ ᠠᠴᠠ ᠡᠮᠦᠨ᠎ᠡ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠰᠢᠨᠡᠴᠢᠯᠡᠨ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠪᠠ ᠬᠠᠭᠤᠴᠢᠨ ᠵᠡᠭᠡᠯᠢ ᠲᠣᠭᠤᠷᠢᠭ ᠢ ᠰᠢᠨᠡᠴᠢᠯᠡᠨ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠬᠦ ᠪᠠᠷ ᠪᠠᠶᠢᠨ᠎ᠠ᠃      ᠣᠳᠣᠬᠠᠨ ᠳᠤ᠂ ᠬᠤᠲᠠ ᠶᠢᠨ ᠰᠢᠨᠡᠴᠢᠯᠡᠯᠲᠡ ᠪᠣᠯ ᠵᠠᠰᠠᠭ ᠤᠨ ᠣᠷᠳᠣᠨ ᠤ ᠪᠡᠯᠡ ᠤᠷᠤᠭᠤᠯᠤᠨ ᠳᠡᠮᠵᠢᠬᠦ ᠭᠤᠣᠯᠳᠠᠯᠭ᠎ᠠ ᠮᠥᠨ᠂ ᠡᠭᠦᠨ ᠠᠴᠠ ᠡᠮᠦᠨ᠎ᠡ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠢᠯᠡᠷᠬᠡᠶᠢᠯᠡᠭᠰᠡᠨ ᠨᠢ᠂ ᠤᠷᠢᠳᠴᠢᠯᠠᠨ ᠪᠠᠭᠤᠯᠭᠠᠭᠰᠠᠨ 2025 ᠣᠨ ᠤ ᠬᠡᠰᠡᠭ ︽ᠬᠤᠶᠠᠷ ᠴᠢᠬᠤᠯᠠ︾ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠳᠣᠷᠬᠠᠢ ᠬᠠᠭᠤᠳᠠᠰᠤ ᠪᠠ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠳᠤ᠂ ᠨᠢᠭᠡ ᠪᠦᠯᠦᠭ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠠᠪᠠᠷ ᠳᠡᠮᠵᠢᠨ᠎ᠡ᠃ ᠡᠭᠦᠨ ᠠᠴᠠ ᠦᠵᠡᠪᠡᠯ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠠᠯᠬᠤᠴᠠ ᠴᠤ ᠲᠦᠷᠭᠡᠳᠴᠦ ᠪᠠᠶᠢᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠢᠳᠤᠨᠤᠨ 297 ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠵᠠᠯᠭᠠᠭᠠᠳ ᠤᠯᠠᠮ ᠨᠢᠭᠡ ᠠᠯᠬᠤᠮ ᠥᠷᠭᠡᠳᠬᠡᠨ ᠭᠦᠨᠵᠡᠭᠡᠶᠢᠷᠡᠭᠦᠯᠬᠦ ᠪᠣᠯᠣᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠪᠠ ᠬᠤᠲᠠ ᠶᠢᠨ ᠥᠷᠢᠰᠦᠯᠳᠦᠬᠦ ᠬᠦᠴᠦᠨ᠂ ᠳᠠᠭᠠᠭᠠᠴᠠ᠂ ᠦᠷᠭᠦᠯᠵᠢᠯᠡᠬᠦ ᠬᠥᠭᠵᠢᠯᠲᠡ ᠶᠢ ᠨᠥᠯᠥᠭᠡᠯᠡᠵᠦ ᠪᠠᠶᠢᠭ᠎ᠠ ᠲᠤᠳᠠᠭᠳᠠᠯ ᠪᠠᠭᠤᠷᠠᠢ ᠲᠠᠯ᠎ᠠ ᠶᠢ ᠭᠦᠨᠵᠡᠭᠡᠢ ᠡᠷᠢᠵᠦ᠂ ᠡᠲᠡᠭᠡᠷ ᠬᠤᠲᠠ ᠶᠢᠨ ᠪᠡᠶ᠎ᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠤᠲᠠ ᠶᠢᠨ ᠰᠢᠨᠡᠴᠢᠯᠡᠯᠲᠡ ᠶᠢᠨ ᠭᠤᠣᠯᠳᠠᠯᠭ᠎ᠠ ᠪᠤᠯᠭᠠᠨ᠎ᠠ ᠭᠡᠵᠡᠢ᠃ ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1