ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠤᠳᠤᠷᠢᠳᠤᠮᠵᠢ ᠪᠣᠯᠭᠠᠵᠤ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠶᠢᠨ ᠠᠰᠠᠭᠤᠳᠠᠯ ᠢ ᠣᠶᠢᠯᠠᠭᠠᠪᠠ
ᠨᠡᠶᠢᠲᠡᠯᠡᠭᠰᠡᠨ ᠴᠠᠭ᠄
2025/4/1
      ᠣᠶᠢᠷ᠎ᠠ ᠳᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨ ᠬᠦ ᠣᠶᠢᠯᠠᠭᠠᠬᠤ ᠶᠢᠨ ᠲᠥᠯᠥᠭᠡ᠂  ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠤᠳᠤᠷᠢᠳᠤᠮᠵᠢ ᠪᠣᠯᠭᠠᠵᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠬᠡᠯᠪᠡᠷᠢ ᠪᠠᠷ ᠠᠵᠤ ᠠᠬᠤᠶᠢᠯᠠᠯ ᠤᠨ ᠬᠡᠷᠡᠭᠴᠡᠭᠡ ᠶᠢ ᠭᠦᠨᠵᠡᠭᠡᠢ ᠣᠶᠢᠯᠠᠭᠠᠨ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠨᠡᠶᠢᠲᠡ 40 ᠭᠠᠷᠤᠢ ᠬᠤᠪᠢ ᠬᠤᠷᠢᠶᠠᠨ ᠣᠯᠵᠠᠢ᠃      ᠲᠣᠰ ᠤᠳᠠᠭᠠᠨ ᠤ ᠪᠠᠶᠢᠴᠠᠭᠠᠯᠲᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠪᠠᠴᠢᠮ ᠪᠠ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠤᠳᠠᠭ᠎ᠠ ᠶᠢᠨ ᠠᠰᠠᠭᠤᠯᠲᠠ ᠶᠢᠨ ᠬᠠᠭᠤᠳᠠᠰᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠲᠤᠰᠬᠠᠭᠰᠠᠨ ᠪᠡᠯᠡ ᠮᠥᠩᠭᠦ᠂ ᠠᠵᠢᠯᠴᠢᠨ ᠬᠡᠷᠡᠭᠯᠡᠬᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠡᠶᠢᠲᠡᠴᠢ ᠴᠢᠨᠠᠷᠲᠠᠢ ᠠᠰᠠᠭᠤᠳᠠᠯ ᠢ ᠬᠤᠷᠢᠶᠠᠩᠭᠤᠶᠢᠯᠠᠵᠤ᠂ ᠰᠢᠢᠳᠪᠦᠷᠢᠯᠡᠬᠦ ᠠᠷᠭ᠎ᠠ ᠲᠣᠭᠲᠠᠭᠠᠵᠤ᠂ ᠠᠵᠤ ᠠᠬᠤᠶᠢᠯᠠᠯ ᠳᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ ᠨᠡᠩ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1