ᠬᠥᠬᠡᠬᠤᠲᠠ ᠶᠢᠨ ᠲᠣᠭᠲᠠᠬᠤ ᠰᠢᠶᠠᠨ ᠤ ᠬᠢᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠦᠷᠦᠭᠦᠦ ᠶᠢᠨ ᠡᠩᠨᠡᠭᠡ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ︽ᠭᠤᠷᠪᠠᠨ ᠣᠳᠣᠬᠢᠴᠢᠯᠠᠯᠲᠠ᠂ ᠭᠤᠷᠪᠠᠨ | ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠳᠤ | ᠬᠠᠨᠳᠤᠭᠤᠯᠤᠭᠰᠠᠨ ᠨᠥᠭᠡᠴᠡᠯᠡᠬᠦ᠂ ᠪᠣᠯᠪᠠᠰᠤᠷᠠᠭᠤᠯᠬᠤ᠂ ᠤᠷᠮᠠᠰᠢᠭᠤᠯᠬᠤ ᠰᠢᠨ᠎ᠡ ᠲᠣᠭᠲᠠᠴᠠ ᠶᠢ ᠪᠠᠶᠢᠭᠤᠯᠵᠤ᠂ | ᠣᠷᠭᠢᠯᠤᠮ᠎ᠠ ᠰᠡᠳᠬᠢᠯᠭᠡ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠠᠵᠢᠯ ᠦᠢᠯᠡᠰ | ᠪᠦᠲᠦᠭᠡᠬᠦ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡ ᠶᠢ ᠳᠠᠪᠲᠠᠨ | ᠪᠣᠯᠪᠠᠰᠤᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ | | ᠬᠦᠴᠦᠨ ᠢᠶᠠᠨ ᠨᠦᠬᠡᠴᠡᠯᠡᠬᠦ ᠶᠢ ︽ᠪᠠᠶᠢᠩᠭᠤᠵᠢᠭᠤᠯᠵᠤ︾᠂ ᠲᠦᠷᠦᠭᠦᠴᠢ ᠶᠢᠨ ᠭᠠᠯᠠᠭᠤ ᠶᠢᠨ ᠳᠠᠯᠳᠠ | ᠬᠦᠴᠦᠨ ᠢ ᠭᠦᠨ ᠠᠭᠤᠳᠠᠯᠤᠨ᠎ᠠ᠃ ᠰᠢᠯᠢᠳᠡᠭ ᠢ ᠨᠢ ᠰᠣᠩᠭᠤᠵᠤ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢ ᠲᠣᠬᠢᠷᠠᠭᠤᠯᠬᠤ ᠶᠢ ᠦᠨᠳᠦᠰᠦᠨ ᠱᠠᠲᠤ ᠶᠢ ᠠᠳᠬᠤᠨ ᠰᠠᠭᠤᠷᠢ ᠲᠠᠯᠪᠢᠬᠤ ᠶᠢᠨ | ᠵᠠᠩᠭᠢᠯᠠᠭ᠎ᠠ ᠪᠣᠯᠭᠠᠵᠤ᠂ ᠲᠤᠰ ᠲᠣᠰᠬᠤᠨ ᠤ ᠪᠠᠶᠠᠵᠢᠯ ᠤᠨ ᠴᠢᠳᠠᠪᠤᠷᠢᠲᠠᠨ᠂ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠭᠠᠳᠠᠭᠰᠢ ᠭᠠᠷᠤᠭᠰᠠᠨ ᠴᠢᠳᠠᠪᠤᠷᠢᠲᠠᠨ ᠵᠡᠷᠭᠡ | ᠲᠦᠷᠪᠡᠨ ᠲᠦᠷᠦᠯ ᠤᠨ ᠬᠠᠮᠲᠤᠯᠢᠭ ᠤᠨ ᠳᠣᠲᠣᠷ᠎ᠠ ᠠᠴᠠ ᠭᠤᠣᠯᠳᠠᠯᠭ᠎ᠠ ᠲᠠᠢ ᠪᠤᠴᠠᠭᠠᠨ ᠠᠪᠴᠢᠷᠠᠬᠤ ᠡᠲᠡᠭᠡᠳ ᠢ | ᠲᠣᠭᠲᠠᠭᠠᠵᠤ᠂ ᠲᠣᠰᠬᠤᠨ ᠤ ᠺᠠᠳ᠋ᠷ ᠤᠨ ᠬᠤᠣᠰᠯᠠᠯ ᠪᠠᠶᠢᠭᠤᠯᠵᠤ ᠲᠤᠰ ᠭᠠᠵᠠᠷ ᠣᠷᠣᠨ ᠤ ᠰᠢᠯᠢᠳᠡᠭ | ᠴᠢᠳᠠᠪᠤᠷᠢᠲᠠᠨ ᠲᠠᠢ ᠬᠠᠷᠢᠯᠴᠠᠬᠤ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠲᠤᠰ ᠭᠠᠵᠠᠷ ᠣᠷᠣᠨ ᠤ | ᠰᠢᠯᠢᠳᠡᠭ ᠴᠢᠳᠠᠪᠤᠷᠢᠲᠠᠨ ᠤ ᠲᠣᠰᠬᠤᠨ ᠳᠠᠭᠠᠨ ᠪᠤᠴᠠᠵᠤ ᠲᠤᠰᠢᠶᠠᠯ ᠡᠭᠦᠷᠭᠡᠯᠡᠬᠦ ᠶᠢ ᠬᠥᠲᠥᠯᠥᠨ ᠵᠢᠯᠣᠭᠤᠳᠤᠨ᠎ᠠ᠃ ︽ | ᠨᠢᠭᠡ ᠲᠣᠰᠬᠤᠨ ᠳᠤ ᠨᠢᠭᠡ ᠣᠶᠤᠲᠠᠨ︾ ᠤ ᠴᠢᠬᠢ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ | ᠦᠷᠭᠦᠯᠵᠢᠯᠡᠨ ᠶᠡᠭᠡ ᠰᠤᠷᠭᠠᠭᠤᠯᠢ ᠶᠢᠨ ᠣᠶᠤᠲᠠᠨ ᠢ ᠰᠣᠩᠭᠤᠨ ᠤᠷᠢᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠣᠷᠣᠯᠴᠠᠭᠤᠯᠵᠤ᠂ ᠲᠣᠰᠬᠤᠨ ᠤ ᠲᠠᠰ ᠤᠨ ᠪᠡᠯᠡᠳᠬᠡᠯ ᠬᠦᠴᠦᠨ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ | ᠴᠢᠳᠠᠪᠤᠷᠢᠲᠠᠨ ᠢ ᠬᠢᠨᠠᠨ ᠰᠣᠩᠭᠤᠬᠤ᠂ ᠨᠥᠭᠡᠴᠡᠯᠡᠬᠦ᠂ ᠬᠥᠮᠥᠵᠢᠭᠦᠯᠬᠦ᠂ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠤᠳᠤ᠂ ᠪᠦᠬᠦ ᠰᠢᠶᠠᠨ ᠳᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 278 | ᠪᠡᠯᠡᠳᠬᠡᠯ ᠬᠦᠴᠦᠨ ᠢ ᠨᠥᠭᠡᠴᠡᠯᠡᠵᠦ᠂ ᠡᠭᠦᠨ ᠳᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ | ᠰᠤᠷᠤᠯᠭ᠎ᠠ ᠶᠢᠨ ᠨᠠᠮᠲᠠᠷ ᠲᠠᠢ᠂ 40 ᠨᠠᠰᠤᠨ ᠠᠴᠠ ᠳᠣᠷᠣᠭᠰᠢᠬᠢ ᠨᠢ 125 ᠬᠥᠮᠥᠨ ᠪᠤᠢ᠃ ᠪᠡᠯᠡᠳᠬᠡᠯ | ᠴᠢᠳᠠᠪᠤᠷᠢᠲᠠᠨ ᠤ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠵᠤ᠂ ᠬᠥᠮᠥᠵᠢᠭᠦᠯᠬᠦ ᠲᠥᠯᠥᠪᠯᠡᠭᠡ ᠶᠢ ᠨᠠᠷᠢᠯᠢᠭ | ᠲᠣᠭᠲᠠᠭᠠᠵᠤ᠂ ᠬᠠᠪᠰᠤᠷᠤᠨ ᠳᠠᠭᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠪᠤᠯᠪᠠᠰᠤᠷᠠᠯ ᠤᠨ ᠪᠦᠷᠬᠦᠴᠡ ᠶᠢ ︽ᠨᠠᠷᠢᠯᠢᠭ ᠣᠨᠣᠴᠠᠲᠠᠢ︾ ᠪᠣᠯᠭᠠᠵᠤ᠂ ᠲᠦᠷᠦᠭᠦᠴᠢ ᠭᠠᠯᠠᠭᠤ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ | ᠪᠣᠯᠪᠠᠰᠤᠷᠠᠯ ᠤᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠤᠯᠤᠰ ᠲᠦᠷᠦ ᠶᠢᠨ ᠬᠡᠪ ᠪᠣᠯᠪᠠᠰᠤᠷᠠᠯ᠂ ᠪᠠᠶᠠᠵᠢᠯ ᠢ ᠳᠠᠶᠢᠴᠢᠯᠠᠬᠤ ᠴᠢᠳᠠᠪᠤᠷᠢ | ᠪᠣᠯᠣᠨ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ | ᠲᠥᠪᠯᠡᠷᠡᠭᠦᠯᠦᠨ ᠪᠣᠯᠪᠠᠰᠤᠷᠠᠭᠤᠯᠬᠤ᠂ ᠰᠤᠷᠤᠯᠴᠠᠵᠦ ᠲᠣᠭᠤᠷᠢᠨ ᠦᠵᠡᠬᠦ᠂ ᠰᠤᠳᠤᠯᠤᠨ ᠶᠠᠷᠢᠯᠴᠠᠵᠤ ᠰᠣᠯᠢᠯᠴᠠᠬᠤ | ᠵᠡᠷᠭᠡ ᠠᠷᠭ᠎ᠠ ᠬᠡᠯᠪᠡᠷᠢ ᠶᠢ ᠠᠪᠴᠤ᠂ ᠤᠨᠤᠯ ᠤᠨ ᠬᠥᠮᠦᠵᠢᠯ ᠪᠣᠯᠣᠨ ᠦᠢᠯᠡᠳᠦᠯᠭᠡ ᠶᠢᠨ ᠪᠣᠯᠪᠠᠰᠤᠷᠠᠯ ᠢ ᠬᠠᠷᠢᠯᠴᠠᠨ | ᠤᠶᠠᠯᠳᠤᠭᠤᠯᠬᠤ ᠶᠢ ᠠᠬᠢᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ | ᠬᠥᠭᠵᠢᠯᠲᠡ ᠳᠤ ︽ᠬᠥᠷᠥᠰᠥ ᠰᠢᠷᠣᠢ︾ ᠶᠢ ᠵᠤᠵᠠᠭᠠᠳᠬᠠᠵᠤ᠂ ︽ᠦᠨᠳᠦᠰᠦ ᠰᠠᠭᠤᠷᠢ︾ ᠶᠢ ᠪᠠᠲᠤᠳᠬᠠᠵᠤ᠂ | ᠲᠣᠰᠬᠤᠨ ᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠬᠥᠮᠦᠵᠢᠯ ᠪᠤᠯᠪᠠᠰᠤᠷᠠᠯ ᠤᠨ ᠱᠠᠲᠤ | ᠬᠤᠪᠢᠶᠠᠨ ᠬᠠᠷᠢᠭᠤᠴᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ | ᠪᠤᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ | ︽ᠶᠠᠭᠤ ᠬᠢᠪᠡᠯ ᠲᠡᠭᠦᠨ ᠢ ᠰᠤᠷᠬᠤ᠂ ᠶᠠᠭᠤ ᠳᠤᠲᠠᠭᠳᠠᠪᠠᠯ ᠲᠡᠭᠦᠨ ᠢ ᠨᠥᠬᠦᠪᠦᠷᠢᠯᠡᠬᠦ︾ ᠵᠠᠷᠴᠢᠮ ᠶᠣᠰᠣᠭᠠᠷ᠂ ︽ | ᠱᠦᠵᠢ ᠨᠢ ᠱᠦᠵᠢ ᠪᠠᠨ ᠳᠠᠭᠠᠭᠤᠯᠤᠨ ᠰᠤᠷᠤᠯᠴᠠᠬᠤ︾ ︽ᠱᠦᠵᠢ ᠨᠢ ᠱᠦᠵᠢ ᠪᠠᠨ ᠳᠠᠭᠠᠵᠤ ᠠᠵᠢᠯᠯᠠᠬᠤ︾ | ᠬᠡᠯᠪᠡᠷᠢ ᠪᠠᠷ ᠪᠦᠬᠦ ᠰᠢᠶᠠᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠬᠡᠪ | ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠠᠬᠢᠭᠤᠯᠤᠨ᠎ᠠ᠃ | ᠤᠷᠮᠠᠰᠢᠭᠤᠯᠬᠤ ᠠᠷᠭ᠎ᠠ ᠬᠡᠮᠵᠢᠶ᠎ᠡ ᠶᠢ ︽ᠣᠯᠠᠨ ᠡᠰᠢᠵᠢᠭᠦᠯᠵᠦ︾᠂ ᠲᠦᠷᠦᠭᠦᠴᠢ ᠭᠠᠯᠠᠭᠤ ᠶᠢᠨ ᠬᠥᠳᠡᠯᠭᠡᠬᠦ | ᠬᠦᠴᠦᠨ ᠢ ᠬᠥᠭᠵᠢᠭᠡᠨ᠎ᠡ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠨᠠᠮ ᠤᠨ ᠡᠭᠦᠷ ᠤᠨ ᠱᠦᠵᠢ ᠶᠢ ᠤᠷᠮᠠᠰᠢᠭᠤᠯᠤᠨ ᠵᠣᠷᠢᠭᠵᠢᠭᠤᠯᠬᠤ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ | ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠢᠯ ᠬᠢᠵᠦ ᠪᠠᠶᠢᠭ᠎ᠠ ᠬᠥᠮᠥᠰ ᠲᠤ ᠠᠰᠢᠭ ᠬᠦᠷᠲᠡᠭᠡᠵᠦ᠂ | ᠦᠢᠯᠡᠰ ᠪᠣᠰᠬᠠᠵᠤ ᠪᠠᠶᠢᠭ᠎ᠠ ᠬᠥᠮᠥᠰ ᠲᠤ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠢ᠃ ᠭᠠᠴᠠᠭᠠᠨ ᠤ ᠳᠡᠰ ᠤᠨ | ᠠᠵᠢᠯᠯᠠᠭᠠᠨ ᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠭᠠᠴᠠᠭᠠᠨ ᠤ ᠺᠠᠳ᠋ᠷ ᠤᠨ ᠬᠥᠯᠥᠰᠦ | ᠣᠯᠭᠤᠮᠵᠢ ᠶᠢ ᠨᠡᠮᠡᠭᠳᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ︽ᠲᠤᠯᠤᠭᠠᠨ ᠰᠠᠷ᠎ᠠ ᠶᠢᠨ ᠨᠢᠭᠡᠨ︾᠂ | ᠴᠠᠭᠠᠨ ᠰᠠᠷ᠎ᠠ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ᠂ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠦᠵᠢ ᠶᠢ ᠵᠣᠬᠢᠶᠠᠨ ᠪᠠᠶᠢᠭᠤᠯᠤᠨ ᠲᠣᠬᠤᠨᠢᠭᠤᠯᠬᠤ ᠰᠤᠷᠪᠤᠯᠵᠢᠯᠠᠬᠤ | ᠠᠵᠢᠯᠯᠠᠭ᠎ᠠ ᠦᠷᠨᠢᠭᠦᠯᠵᠦ᠂ ᠲᠣᠰᠬᠤᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠤᠯᠠᠮ ᠴᠢᠨᠠᠭᠰᠢᠳᠠ ᠵᠤᠷᠢᠭᠵᠢᠭᠤᠯᠤᠨ᠎ᠠ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ︽ᠡᠷᠳᠡᠮ ᠤᠨ ᠮᠥᠷᠥᠶᠢᠴᠡᠭᠡᠨ︾ ᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠲᠡᠷᠢᠭᠦᠨ ᠤ | ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠲᠤ ᠲᠦᠰᠢᠭᠯᠡᠨ ᠤᠬᠠᠭᠤᠯᠤᠨ | ᠲᠠᠨᠢᠯᠴᠠᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠢᠷᠠᠭᠤ ᠠᠯᠳᠠᠷᠲᠤ | ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠦᠨ᠂ ︽ᠰᠠᠶᠢᠨ ᠨᠠᠮ ᠤᠨ ᠡᠭᠦᠷ ᠤᠨ ᠱᠦᠵᠢ︾ ᠶᠢ | ᠤᠬᠠᠭᠤᠯᠬᠤ᠂ ︽ᠰᠠᠶᠢᠨ ᠨᠠᠮ ᠤᠨ ᠡᠭᠦᠷ ᠤᠨ ᠱᠦᠵᠢ︾ ᠠᠴᠠ ᠰᠤᠷᠤᠯᠴᠠᠬᠤ᠂ ︽ᠰᠠᠶᠢᠨ ᠨᠠᠮ ᠤᠨ ᠡᠭᠦᠷ ᠤᠨ | ᠱᠦᠵᠢ︾ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠢᠷᠡᠯᠲᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |