︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 799 ᠳ᠋ᠤᠭᠡᠷ | ᠲᠣᠭᠠᠲᠤ᠂ ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ᠠᠷᠪᠠᠨ ᠳᠥᠷᠪᠡᠳᠦᠭᠡᠷ ᠵᠦᠢᠯ ᠤᠨ | ᠲᠣᠭᠲᠠᠭᠠᠯ ᠢ ᠦᠨᠳᠦᠰᠦᠯᠡᠨ᠂ ᠡᠳᠦᠭᠡ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ | ᠮᠡᠳᠡᠭᠡ ᠵᠠᠩᠭᠢ ᠶᠢᠨ ᠰᠢᠰᠲ᠋ᠧᠮ ︵ᠳᠣᠷᠣᠭᠰᠢ ︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ︾ | ᠭᠡᠵᠦ ᠲᠣᠪᠴᠢᠯᠠᠨ᠎ᠠ︶ ᠢ ᠳᠠᠩᠰᠠᠯᠠᠬᠤ ᠠᠵᠢᠯ ᠢ ᠥᠷᠨᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠳᠠᠩᠰᠠᠯᠠᠭᠤᠯᠬᠤ ᠡᠲᠡᠭᠡᠳ ︽ᠳᠦᠷᠢᠮ︾ ᠤᠨ ᠳᠣᠯᠣᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠨ᠂ ᠳᠣᠣᠷ᠎ᠠ ᠵᠢᠭᠰᠠᠭᠠᠭᠰᠠᠨ ᠣᠯᠠᠨ ᠨᠡᠶᠢᠲᠡ ᠶᠢᠨ ᠲᠠᠯᠠᠪᠤᠷ ᠲᠤ ᠪᠠᠶᠢᠭᠤᠯᠤᠭᠰᠠᠨ ᠣᠯᠠᠨ ᠨᠡᠶᠢᠲᠡ ᠶᠢᠨ | ᠠᠮᠤᠷ ᠲᠦᠪᠰᠢᠨ ᠤ ᠸᠢᠳᠢᠤ᠋ ᠰᠢᠰᠲ᠋ᠧᠮ ᠢ ᠲᠣᠰ ᠰᠢᠰᠲ᠋ᠧᠮ ᠤᠨ ᠬᠠᠮᠢᠶᠠᠷᠤᠯᠲᠠ ᠶᠢᠨ ᠨᠢᠭᠡᠴᠡ ᠠᠴᠠ ᠲᠣᠭᠲᠠᠬᠤ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠳᠠᠩᠰᠠᠯᠠᠭᠤᠯᠤᠨ᠎ᠠ᠄ | ︵ᠨᠢᠭᠡ︶ ᠬᠤᠲᠠ ᠬᠥᠳᠡᠭᠡ ᠶᠢᠨ ᠭᠤᠣᠯ ᠪᠣᠯᠬᠤ ᠵᠠᠮ ᠤᠨ ᠬᠡᠰᠡᠭ᠂ ᠵᠠᠰᠠᠭ ᠵᠠᠬᠢᠷᠭᠠᠨ ᠤ ᠣᠷᠣᠨ ᠤ | ᠵᠠᠮ ᠤᠨ ᠵᠠᠭᠠᠭ᠂ ᠬᠥᠭᠦᠷᠭᠡ᠂ ᠨᠦᠬᠡᠨ ᠵᠠᠮ᠂ ᠭᠠᠵᠠᠷ ᠳᠣᠣᠷᠠᠬᠢ ᠨᠡᠪᠲᠡᠷᠡᠬᠦ ᠵᠠᠮ᠂ ᠠᠭᠤᠳᠠᠮ ᠲᠠᠯᠠᠪᠠᠶ᠂ ᠠᠮᠤᠷ ᠢ | ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠶᠢᠨ ᠡᠷᠬᠢᠨ ᠲᠣᠭᠤᠷᠢᠨ ᠤ ᠣᠷᠣᠨ ᠪᠦᠰᠡ ᠵᠡᠷᠭᠡ ᠣᠯᠠᠨ ᠨᠡᠶᠢᠲᠡ ᠶᠢᠨ | ᠲᠠᠯᠠᠪᠤᠷ︔ | ︵ᠬᠤᠶᠠᠷ︶ ᠠᠷᠠᠯᠵᠢᠶ᠎ᠠ ᠬᠤᠳᠠᠯᠳᠤᠭᠠᠨ ᠤ ᠲᠥᠪ᠂ ᠬᠤᠷᠠᠯ ᠦᠵᠡᠭᠦᠯᠦᠯᠭᠡ ᠶᠢᠨ ᠲᠥᠪ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠤᠷᠭᠠᠨ | ᠬᠥᠮᠦᠵᠢᠯ ᠤᠨ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ᠂ ᠴᠡᠴᠡᠷᠯᠢᠭ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠬᠥᠮᠥᠰ ᠴᠤᠭᠯᠠᠷᠠᠬᠤ ᠲᠠᠯᠠᠪᠤᠷ ᠭᠠᠵᠠᠷ︔ | | ︵ᠭᠤᠷᠪᠠ︶ ᠬᠢᠯᠢ ᠠᠴᠠ ᠭᠠᠷᠬᠤ ᠬᠢᠯᠢ ᠳᠤ ᠣᠷᠣᠵᠤ ᠢᠷᠡᠬᠦ ᠪᠣᠭᠤᠮᠲᠠ ︵ᠨᠡᠪᠲᠡᠷᠡᠬᠦ ᠵᠠᠮ︶᠂ ᠨᠢᠰᠬᠡᠯ ᠤᠨ | ᠪᠠᠭᠤᠳᠠᠯ᠂ ᠭᠠᠷᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠠᠶᠠᠯᠠᠯ ᠨᠡᠪᠲᠡᠷᠡᠬᠦ ᠪᠠᠷᠢᠯᠭ᠎ᠠ᠂ ᠲᠡᠮᠦᠷ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ | ᠦᠷᠳᠡᠭᠡ᠂ ᠬᠤᠳᠠ ᠶᠢᠨ ᠲᠡᠮᠦᠷ ᠵᠠᠮ ᠤᠨ ᠵᠠᠮ ᠬᠠᠷᠢᠯᠴᠠᠭᠠᠨ ᠤ ᠦᠷᠳᠡᠭᠡ ᠵᠡᠷᠭᠡ ᠵᠠᠮ ᠬᠠᠷᠢᠯᠴᠠᠭᠠᠨ ᠤ ᠵᠠᠩᠭᠢᠯᠠᠭ᠎ᠠ︔ | | ︵ᠳᠥᠷᠪᠡ︶ ᠠᠶᠠᠨᠴᠢᠳ ᠤᠨ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ᠂ | ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡ ᠬᠥᠰᠬᠡ᠂ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠰᠠᠯ | ᠵᠡᠷᠭᠡ ᠤᠯᠠᠨ ᠨᠡᠶᠢᠲᠡ ᠶᠢᠨ ᠲᠣᠮᠣ ᠳᠤᠮᠳᠠ ᠬᠡᠯᠪᠡᠷᠢ ᠶᠢᠨ ᠵᠠᠮ ᠬᠠᠷᠢᠯᠴᠠᠭᠠᠨ ᠤ ᠲᠦᠭᠦᠭᠡᠷᠦᠮᠵᠢ︔ | ︵ᠲᠠᠪᠤ︶ ᠳᠡᠭᠡᠳᠦ ᠬᠤᠷᠳᠤᠴᠠᠳᠤ ᠵᠠᠰᠠᠮᠠᠯ ᠵᠠᠮ᠂ ᠤᠯᠤᠰ ᠪᠠ ᠮᠤᠵᠢ ᠶᠢᠨ ᠡ᠊ᠩ ᠤᠨ ᠭᠤᠣᠯ ᠱᠤᠭᠤᠮ ᠤᠨ | ᠦᠢᠯᠡᠴᠢᠯᠡᠭᠡᠨ ᠤ ᠣᠷᠣᠨ᠃ | ᠬᠤᠶᠠᠷ᠂ ᠳᠠᠩᠰᠠᠯᠠᠭᠤᠯᠬᠤ ᠴᠠᠭ | ︵ᠨᠢᠭᠡ︶ 2025 ᠣᠨ ᠤ 4 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠲᠣᠰ ᠬᠠᠷᠢᠶ᠎ᠠ ᠣᠷᠣᠨ ᠤ | ᠳᠣᠲᠣᠷ᠎ᠠ ᠪᠠᠨ ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠢ | ᠲᠠᠩᠰᠠᠯᠠᠨ᠎ᠠ᠂ ᠰᠢᠰᠲ᠋ᠧᠮ ᠢ ᠠᠰᠢᠭᠯᠠᠯᠲᠠ ᠳᠤ ᠣᠷᠣᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ | ᠳᠠᠩᠰᠠᠯᠠᠭᠤᠯᠬᠤ ᠶᠢ ᠪᠡᠶᠡᠯᠡᠭᠦᠯᠬᠦ ᠬᠡᠷᠡᠭᠲᠡᠢ᠃ | ︵ᠬᠤᠶᠠᠷ︶ 2025 ᠣᠨ ᠤ 4 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ ᠡᠬᠢᠯᠡᠵᠦ | ᠬᠡᠷᠡᠭᠯᠡᠭᠰᠡᠨ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠢ 2025 ᠣᠨ ᠤ 7 ᠳ᠋ᠤᠭᠠᠷ | ᠰᠠᠷ᠎ᠠ ᠶᠢᠨ 1 ᠤ ᠡᠳᠦᠷ ᠠᠴᠠ ᠡᠮᠦᠨ᠎ᠡ ᠳᠡᠩᠰᠡᠯᠡᠵᠦ ᠳᠠᠭᠤᠰᠬᠠᠬᠤ ᠬᠡᠷᠡᠭᠲᠡᠢ᠃ | ︵ᠭᠤᠷᠪᠠ︶ ᠳᠠᠩᠰᠠᠯᠠᠭᠤᠯᠬᠤ ᠵᠦᠢᠯᠡᠰ ᠲᠤ ᠬᠤᠪᠢᠷᠠᠯᠲᠠ ᠭᠠᠷᠤᠭᠰᠠᠨ ᠪᠠᠶᠢᠪᠠᠯ᠂ ᠴᠠᠭ ᠲᠤᠬᠠᠢ ᠳᠤᠨᠢ | ᠳᠡᠩᠰᠡᠯᠡᠵᠦ ᠬᠤᠪᠢᠷᠠᠭᠤᠯᠬᠤ ᠶᠢ ᠭᠦᠢᠴᠡᠳᠬᠡᠬᠦ ᠬᠡᠷᠡᠭᠲᠡᠢ᠃ | ᠭᠤᠷᠪᠠ᠂ ᠳᠠᠩᠰᠠᠯᠠᠬᠤ ᠠᠷᠭ᠎ᠠ ᠮᠠᠶ᠋ᠢᠭ᠄ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠰᠢᠰᠲ᠋ᠧᠮ ᠤᠨ | ᠬᠠᠮᠢᠶᠠᠷᠤᠯᠲᠠ ᠶᠢᠨ ᠨᠢᠭᠡᠴᠡ ᠨᠢ ᠰᠦᠯᠵᠢᠶᠡᠨ ᠳᠡᠭᠡᠷ᠎ᠡ ᠪᠤᠶᠤ ᠰᠦᠯᠵᠢᠶᠡᠨ ᠠᠴᠠ ᠭᠠᠳᠠᠭᠤᠷᠬᠢ ᠠᠷᠭ᠎ᠠ ᠮᠠᠶ᠋ᠢᠭ ᠢᠶᠠᠷ | ᠳᠡᠮᠵᠢᠨ ᠳᠠᠩᠰᠠᠯᠠᠭᠤᠯᠬᠤ ᠶᠢ ᠡᠵᠡᠨ ᠮᠡᠳᠡᠵᠦ ᠰᠣᠩᠭᠤᠵᠤ ᠪᠣᠯᠣᠨ᠎ᠠ᠃ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ | ᠲᠠᠩᠰᠠᠯᠠᠭᠤᠯᠬᠤ ᠶᠢ ᠤᠷᠢᠳᠡᠪᠡᠷ ᠬᠡᠷᠡᠭᠯᠡᠬᠦ ᠶᠢ ᠰᠠᠨᠠᠭᠠᠴᠢᠯᠠᠨ᠎ᠠ᠃ | ︵ᠨᠢᠭᠡ︶ ᠰᠦᠯᠵᠢᠶᠡᠨ ᠳᠡᠭᠡᠷᠡᠬᠢ ᠠᠷᠭ᠎ᠠ ᠮᠠᠶ᠋ᠢᠭ᠃ ︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ | ᠵᠢᠷᠤᠭ ᠳᠦᠷᠰᠦ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠳᠠᠩᠰᠠᠯᠠᠬᠤ ᠲᠠᠪᠴᠠᠩ︾ ︵ᠳᠣᠷᠣᠭᠰᠢ ︽ᠳᠠᠩᠰᠠᠯᠠᠬᠤ | ᠲᠠᠪᠴᠠᠩ︾ ᠭᠡᠵᠦ ᠲᠣᠪᠴᠢᠯᠠᠨ᠎ᠠ᠂ ᠰᠦᠯᠵᠢᠶᠡᠨ ᠤ ᠬᠠᠶ᠋ᠢᠭ᠄ http://psvs.mps.gov.cn︶ ᠳᠤ | ᠲᠡᠮᠳᠡᠭᠯᠡᠨ ᠳᠠᠩᠰᠠᠯᠠᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠨᠢᠭᠡᠴᠡ ᠶᠢᠨ | ᠠᠯᠪᠠᠨ ᠲᠠᠮᠠᠭ᠎ᠠ ᠶᠢ ᠳᠠᠷᠤᠭᠰᠠᠨ ᠨᠠᠶᠢᠳᠠᠨ ᠭᠦᠢᠴᠡᠳᠬᠡᠭᠦᠯᠬᠦ ᠳᠡᠩᠰᠡᠯᠡᠵᠦ ᠡᠷᠬᠡ ᠣᠯᠭᠤᠬᠤ ᠪᠢᠴᠢᠭ ᠢ ᠳᠡᠭᠡᠭᠰᠢ | ᠳᠠᠮᠵᠢᠭᠤᠯᠤᠨ᠎ᠠ᠃ | ︵ᠬᠤᠶᠠᠷ︶ ᠰᠦᠯᠵᠢᠶᠡᠨ ᠠᠴᠠ ᠭᠠᠳᠠᠭᠤᠷᠬᠢ ᠠᠷᠭ᠎ᠠ ᠮᠠᠶ᠋ᠢᠭ᠃ ᠳᠠᠩᠰᠠᠯᠠᠬᠤ ᠲᠠᠪᠴᠠᠩ ︵ᠰᠦᠯᠵᠢᠶᠡᠨ ᠤ | ᠬᠠᠶ᠋ᠢᠭ᠄ http://psvs.mps.gov.cn︶ ᠠᠴᠠ ︽ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ | ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠳᠠᠩᠰᠠᠯᠠᠬᠤ ᠦᠨᠳᠦᠰᠦᠨ ᠮᠡᠳᠡᠭᠡ ᠵᠠᠩᠭᠢ ᠶᠢᠨ | ᠬᠦᠰᠦᠨᠦᠭᠲᠦ︾ ᠶᠢ ᠪᠠᠭᠤᠯᠭᠠᠨ ᠠᠪᠴᠤ ᠱᠠᠭᠠᠷᠳᠠᠯᠭ᠎ᠠ ᠶᠣᠰᠣᠭᠠᠷ ᠨᠢᠭᠡᠴᠡ ᠶᠢᠨ ᠠᠯᠪᠠᠨ ᠲᠠᠮᠠᠭ᠎ᠠ ᠶᠢ | ᠲᠠᠭᠯᠠᠭᠰᠠᠨ ᠤ ᠳᠠᠷᠠᠭ᠎ᠠ᠂ ᠭᠠᠷᠲᠠᠨ ᠬᠢᠭᠴᠢ ᠨᠢᠭᠡᠴᠡ ᠶᠢᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ᠂ | ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤᠴᠤᠩᠬᠤᠪᠴᠢ ᠪᠤᠶᠤ ᠡᠯ᠎ᠡ ᠰᠢᠶᠠᠩ | ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠨ᠎ᠡ᠃ | ᠳᠥᠷᠪᠡ᠂ ᠬᠠᠤᠯᠢ ᠶᠢᠨ ᠬᠠᠷᠢᠭᠤᠴᠠᠯᠭ᠎ᠠ᠄ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠤᠶᠤ | ᠬᠤᠳᠠᠯ ᠬᠠᠭᠤᠷᠮᠠᠭ ᠢᠶᠠᠷ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠠᠩᠭᠠᠭᠰᠠᠨ ᠦᠭᠡᠢ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ︽ᠳᠦᠷᠢᠮ︾ ᠤᠨ ᠬᠤᠷᠢ ᠶᠢᠰᠦᠳᠦᠭᠡᠷ ᠵᠦᠢᠯ ᠤᠨ ᠶᠣᠰᠣᠭᠠᠷ ᠰᠢᠢᠳᠪᠦᠷᠢᠯᠡᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |