ᠬᠠᠩᠰᠢ ᠶᠢᠨ ᠡᠳᠦᠷ ᠤᠨ ᠪᠣᠯᠪᠠᠰᠤᠨ ᠤ ᠲᠠᠬᠢᠯᠭ᠎ᠠ ᠶᠢᠨ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/4/1
ᠲᠣᠭᠲᠠᠬᠤ ᠰᠢᠶᠠᠨ ᠤ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠲᠤ᠄     ᠬᠠᠩᠰᠢ ᠶᠢᠨ ᠡᠳᠦᠷ ᠪᠣᠯ ᠮᠠᠨ ᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠪᠥᠭᠡᠳ ᠬᠠᠮᠤᠭ ᠴᠢᠬᠤᠯᠠ ᠳᠠᠬᠢᠯᠭ᠎ᠠ ᠶᠢᠨ ᠡᠳᠦᠷ᠂ ᠳᠡᠭᠡᠳᠦᠰ ᠢᠶᠠᠨ ᠳᠠᠭᠢᠬᠤ ᠪᠠ ᠪᠤᠩᠬᠤᠨ ᠱᠦᠭᠦᠷᠳᠡᠬᠦ ᠡᠳᠦᠷ ᠶᠤᠮ᠃ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠨᠥᠭᠴᠢᠭᠰᠡᠳ ᠢᠶᠠᠨ ᠲᠠᠬᠢᠵᠤ᠂ ᠭᠠᠰᠢᠭᠤᠳᠠᠯ ᠢᠶᠠᠨ ᠢᠯᠡᠳᠬᠡᠵᠦ ᠪᠠᠶᠢᠭ᠎ᠠ ᠲᠠᠰᠢᠷᠠᠮ ᠢᠶᠠᠷ᠂ ᠪᠣᠯᠪᠠᠰᠤᠨ ᠤ ᠲᠠᠬᠢᠯᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠨᠡᠶᠢᠭᠡᠮ ᠳᠤ ᠪᠣᠯᠪᠠᠰᠤᠨ ᠡᠷᠡᠭᠦᠯ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠡᠮᠬᠢ ᠳᠢᠭᠯᠢᠮ ᠲᠠᠢ ᠰᠠᠶᠢᠨ ᠰᠠᠶᠢᠬᠠᠨ ᠲᠠᠬᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ ᠂ ᠣᠨᠴᠠᠭᠠᠶᠢᠯᠠᠨ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠪᠣᠯᠪᠠᠰᠤᠨ ᠤ ᠲᠠᠬᠢᠯᠭ᠎ᠠ ᠶᠢᠨ ᠰᠠᠨᠠᠭᠠᠴᠢᠯᠠᠭ᠎ᠠ ᠶᠢ ᠳᠡᠪᠰᠢᠭᠦᠯᠦᠶ᠎ᠡ᠄      ᠨᠢᠭᠡ᠂ ᠪᠣᠯᠪᠠᠰᠤᠨ ᠳᠠᠬᠢᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠬᠢᠯᠭ᠎ᠠ᠃ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠹᠧᠣᠳᠠᠯ ᠤᠨ ᠮᠤᠬᠤᠷ ᠪᠢᠰᠢᠷᠡᠯ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠦᠭᠡᠢ᠂ ᠬᠤᠳᠠᠯᠳᠤᠨ ᠠᠪᠬᠤ ᠦᠭᠡᠢ᠂ ᠬᠡᠷᠡᠭᠯᠡᠬᠦ ᠦᠭᠡᠢ ᠪᠠᠶᠢᠬᠤ ᠶᠢ ᠰᠠᠨᠠᠭᠠᠴᠢᠯᠠᠵᠤ᠂ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ᠂ ᠨᠣᠭᠤᠭᠠᠨ ᠭᠠᠵᠠᠷ᠂ ᠠᠭᠤᠳᠠᠮ ᠲᠠᠯᠠᠪᠠᠢ ᠵᠡᠷᠭᠡ ᠤᠯᠠᠨ ᠨᠡᠶᠢᠲᠡ ᠶᠢᠨ ᠲᠠᠯᠠᠪᠤᠷ ᠪᠠ ᠠᠭᠤᠯᠠᠨ ᠣᠷᠣᠢ᠂ ᠣᠶᠢᠲᠤ ᠭᠠᠵᠠᠷ ᠵᠡᠷᠭᠡ ᠭᠠᠯ ᠤᠨ ᠭᠠᠮᠰᠢᠭ ᠤᠨ ᠲᠠᠯᠳᠠ ᠭᠡᠮ ᠣᠷᠣᠰᠢᠵᠤ ᠪᠠᠶᠢᠭ᠎ᠠ ᠭᠠᠵᠠᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠲᠠᠬᠢᠯᠭ᠎ᠠ ᠶᠢᠨ ᠪᠣᠳᠠᠰ ᠢ ᠠᠰᠬᠠᠬᠤ ᠦᠭᠡᠢ ᠪᠠᠶᠢᠬᠤ ᠶᠢ ᠰᠠᠨᠠᠭᠠᠴᠢᠯᠠᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠬᠤ ᠶᠢ ᠰᠠᠨᠠᠭᠠᠴᠢᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠨ᠎ᠠ᠃      ᠬᠤᠶᠠᠷ᠂ ᠨᠠᠰᠤᠲᠠᠨ ᠢᠶᠠᠨ ᠬᠦᠨᠳᠦᠯᠡᠵᠦ᠂ ᠬᠦᠨᠳᠦ ᠪᠠᠷ ᠠᠰᠠᠷᠠᠵᠤ ᠶᠣᠰᠣᠯᠠᠯ ᠢᠶᠠᠷ ᠣᠷᠣᠰᠢᠭᠤᠯᠬᠤ᠃ ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠠᠮᠢᠳᠤ ᠪᠠᠶᠢᠭ᠎ᠠ ᠨᠠᠰᠤᠲᠠᠶᠢᠴᠤᠳ ᠲᠤ ᠠᠴᠢᠯᠠᠯ ᠤᠨ ᠶᠣᠰᠣ ᠶᠢ ᠢᠯᠡᠭᠦᠬᠡᠨ ᠭᠦᠢᠴᠡᠳᠬᠡᠵᠦ᠂ ᠨᠠᠰᠤᠲᠠᠶᠢᠴᠤᠳ ᠢ ᠠᠰᠠᠷᠠᠮᠵᠢ ᠲᠠᠢ᠂ ᠪᠠᠶᠠᠷ ᠴᠡᠩᠭᠡᠯ ᠲᠠᠢ ᠪᠠᠶᠢᠯᠭᠠᠨ᠎ᠠ᠃ ᠨᠠᠰᠤᠲᠠᠨ ᠢ ᠨᠠᠰᠤ ᠪᠠᠷᠠᠭᠰᠠᠨ ᠤ ᠳᠠᠷᠠᠭ᠎ᠠ ᠠᠮᠢ ᠠᠬᠤᠢ ᠶᠢᠨ  ᠣᠷᠣᠰᠢᠭᠤᠯᠵᠤ᠂ ᠠᠷᠪᠢᠴᠢ ᠭᠠᠮᠲᠠᠢ ᠪᠠᠷ ᠲᠠᠬᠢᠯ ᠡᠷᠭᠦᠨ᠎ᠡ᠃ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ᠂ ᠰᠣᠷᠭᠤᠭ ᠴᠡᠴᠡᠭ ᠬᠦᠷᠭᠡᠬᠦ᠂ ᠮᠣᠳᠣ ᠳᠠᠷᠢᠵᠤ ᠨᠣᠭᠤᠭᠠᠷᠠᠭᠤᠯᠬᠤ᠂ ᠵᠠᠬᠢᠶ᠎ᠠ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠬᠠᠭᠤᠴᠢᠨ ᠨᠠᠶᠢᠵᠠ ᠪᠠᠨ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠪᠣᠳᠠᠲᠤ ᠪᠣᠳᠠᠰ ᠤᠨ ᠳᠠᠬᠢᠯᠭ᠎ᠠ ᠠᠴᠠ ᠣᠶᠤᠨ ᠰᠠᠨᠠᠭᠠᠨ ᠤ ᠤᠯᠠᠮᠵᠢᠯᠠᠯ᠂ ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ ᠶᠢ ᠴᠢᠬᠤᠯᠠᠴᠢᠯᠠᠬᠤ ᠳᠠᠰᠢ ᠬᠤᠪᠢᠷᠠᠭᠤᠯᠵᠤ᠂ ᠪᠣᠯᠪᠠᠰᠤᠨ ᠢᠶᠠᠷ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃      ᠭᠤᠷᠪᠠ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠪᠣᠯᠪᠠᠰᠤᠨ ᠢᠶᠠᠷ ᠳᠠᠬᠢᠯᠭ᠎ᠠ ᠬᠢᠬᠦ ᠶᠢ ᠭᠦᠢᠴᠡᠳᠬᠡᠵᠦ᠂ ᠲᠦᠷᠦᠭᠦᠯᠡᠨ ᠪᠣᠯᠪᠠᠰᠤᠨ ᠢᠶᠠᠷ ᠠᠷᠪᠢᠯᠠᠨ ᠭᠠᠮᠨᠠᠵᠤ ᠪᠡᠯᠪᠡᠰᠦᠷᠡᠯ ᠤᠨ ᠶᠠᠪᠤᠳᠠᠯ ᠢ ᠬᠢᠵᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠰᠤᠷᠳᠠᠯᠴᠢᠯᠠᠵᠦ᠂ ᠭᠡᠷ ᠤᠨ ᠬᠥᠮᠥᠰ ᠨᠠᠶᠢᠵᠠ ᠨᠥᠬᠦᠳ ᠢᠶᠠᠨ ᠢᠳᠡᠪᠬᠢᠲᠡᠢ ᠳᠠᠶᠢᠴᠢᠯᠠᠨ ᠪᠣᠯᠪᠠᠰᠤᠨ ᠣᠷᠣᠰᠢᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ ᠪᠤᠰᠤ᠂ ᠵᠢᠷᠤᠮᠵᠢᠯ ᠦᠭᠡᠢ᠂ ᠡᠷᠡᠭᠦᠯ ᠪᠤᠰᠤ ᠳᠠᠬᠢᠯᠭ᠎ᠠ ᠶᠢᠨ ᠠᠵᠢᠯᠯᠠᠭ᠎ᠠ ᠶᠢ ᠬᠢᠨᠠᠨ ᠬᠤᠷᠢᠭᠯᠠᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠲᠡᠭᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠴᠡᠪᠡᠷ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠭᠡᠶ᠎ᠡ᠃      ᠬᠤᠲᠠ ᠬᠥᠳᠡᠭᠡ   ᠶᠢᠨ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠠ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠪᠢᠳᠠ ᠭᠠᠷ ᠭᠠᠷ ᠢᠶᠠᠨ ᠬᠤᠯᠪᠣᠯᠴᠠᠨ᠂ ᠤᠳᠤ ᠠᠴᠠ ᠡᠬᠢᠯᠡᠨ᠂ ᠥᠪᠡᠷ ᠤᠨ ᠪᠡᠶ᠎ᠡ ᠠᠴᠠ ᠪᠠᠨ ᠡᠬᠢᠯᠡᠨ᠂ ᠰᠢᠯᠢᠳᠡᠭ ᠰᠣᠶᠣᠯ ᠤᠨ ᠤᠯᠠᠮᠵᠢᠯᠠᠭᠴᠢ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠭᠴᠢ ᠪᠣᠯᠬᠤ ᠪᠠᠷ ᠴᠢᠷᠮᠠᠶᠢᠵᠤ᠂ ᠪᠣᠯᠪᠠᠰᠤᠨ ᠢᠶᠠᠷ ᠲᠠᠬᠢᠯᠭ᠎ᠠ ᠬᠢᠵᠦ᠂ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠪᠣᠯᠪᠠᠰᠤᠨ ᠠᠵᠢᠯᠯᠠᠭ᠎ᠠ ᠪᠠᠷ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠶ᠎ᠠ᠃        ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                2025 ᠣᠨ ᠤ 3 ᠳ᠋ᠤᠭᠠᠷ ᠰᠠᠷ᠎ᠠ ᠶᠢᠨ 28 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1