2025 ᠤ 3 ᠳ᠋ᠤᠭᠠᠷ ᠰᠠᠷ᠎ᠠ ᠶᠢᠨ 24 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠵᠣᠬᠢᠶᠠᠨ ᠪᠠᠶᠢᠭᠤᠯᠤᠨ ︽ᠬᠤᠲᠠ ᠶᠢᠨ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠯᠤᠭᠤᠳᠤᠮᠵᠢ ︵ | ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠢᠯᠤᠭᠤᠳᠤᠮᠵᠢ︾ ᠭᠡᠵᠦ ᠲᠣᠪᠴᠢᠯᠠᠨ᠎ᠠ︶ ᠢ ᠨᠠᠶᠢᠷᠠᠭᠤᠯᠤᠨ | ᠵᠣᠬᠢᠶᠠᠵᠤ ᠳᠠᠷᠤᠮᠠᠯᠯᠠᠨ ᠲᠠᠷᠬᠠᠭᠠᠪᠠ᠃ ᠶᠡᠷᠦᠩᠬᠡᠢ ᠳᠦᠷᠢᠮ᠂ ᠲᠣᠭᠲᠠᠭᠠᠬᠤ ᠱᠠᠭᠠᠷᠳᠠᠯᠭ᠎ᠠ᠂ ᠬᠤᠲᠠ ᠶᠢᠨ ᠣᠷᠣᠨ | ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠠᠭᠤᠯᠭ᠎ᠠ ᠵᠢᠴᠢ ᠮᠡᠷᠭᠡᠵᠢᠯ ᠤᠨ ᠭᠤᠣᠯᠳᠠᠯᠭ᠎ᠠ᠂ ᠦᠷ᠎ᠡ ᠪᠦᠲᠦᠭᠡᠯ ᠬᠡᠯᠪᠡᠷᠢ ᠵᠡᠷᠭᠡ ᠲᠠᠪᠤᠨ ᠲᠠᠯ᠎ᠠ ᠠᠴᠠ ᠡᠯ᠎ᠡ | ᠬᠤᠲᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠳᠤ ᠪᠠᠷᠢᠮᠵᠢᠶ᠎ᠠ ᠵᠢᠯᠣᠭᠤᠳᠤᠮᠵᠢ ᠬᠠᠩᠭᠠᠪᠠ᠃ | ᠰᠢᠰᠲ᠋ᠧᠮ ᠲᠠᠢ ᠲᠥᠯᠥᠪᠵᠢᠭᠦᠯᠬᠦ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠮᠠᠨ ᠤ ᠤᠯᠤᠰ ᠤᠨ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ | ᠬᠤᠪᠢᠷᠠᠯᠲᠠ ᠭᠠᠷᠤᠭᠰᠠᠨ ᠠᠬᠤᠢ ᠪᠠᠶᠢᠳᠠᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ | ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠬᠤ ᠳᠤ ᠰᠢᠰᠲ᠋ᠧᠮᠲᠦ ᠰᠡᠳᠬᠢᠬᠦᠢ ᠶᠢ ᠪᠠᠲᠤ ᠡᠵᠡᠮᠳᠡᠬᠦ ᠴᠢᠬᠤᠯᠠᠲᠠᠢ ᠶᠤᠮ | ᠃ ︽ᠵᠢᠯᠤᠭᠤᠳᠤᠮᠵᠢ︾ ᠳᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠨᠢᠭᠡ ᠳᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ | ᠰᠠᠭᠤᠴᠠ ᠶᠢᠨ ᠬᠦᠷᠢᠶᠡᠨ ᠤ ᠭᠤᠣᠯ ᠠᠰᠠᠭᠤᠳᠠᠯ ᠢ ᠣᠨᠣᠪᠴᠢᠲᠠᠶ ᠢᠯᠭᠠᠨ ᠲᠠᠨᠢᠵᠤ᠂ ᠬᠥᠭᠵᠢᠯᠲᠡ ᠶᠢᠨ ᠬᠠᠷᠠᠯᠲᠠ | ᠪᠠ ᠭᠤᠣᠯ ᠰᠡᠳᠦᠪ ᠭᠤᠣᠯ ᠱᠤᠭᠤᠮ ᠤᠨ ᠲᠣᠭᠤᠷᠢᠨ ᠳᠤ᠂ ᠣᠷᠣᠨ ᠰᠠᠭᠤᠴᠠ ᠶᠢᠨ ᠬᠦᠷᠢᠶᠡᠨ ᠤ ᠠᠷᠪᠠᠨ ᠶᠡᠭᠡ | ᠭᠤᠣᠯᠳᠠᠯᠭ᠎ᠠ ᠲᠠᠢ ᠠᠵᠢᠯ ᠢ ᠡᠮᠬᠢᠯᠡᠨ ᠨᠡᠶᠢᠯᠡᠭᠦᠯᠵᠦ᠂ ︽ᠬᠠᠷᠠᠯᠲᠠ — ᠭᠦᠢᠴᠡᠳᠬᠡᠯ ᠲᠤᠭ᠎ᠠ — | ᠭᠤᠣᠯᠳᠠᠯᠭ᠎ᠠ ᠲᠠᠢ ᠡᠭᠦᠷᠭᠡ︾ ᠶᠢᠨ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠬᠦ ᠬᠠᠷᠢᠴᠠᠭ᠎ᠠ ᠶᠢ | ᠴᠢᠩᠭᠠᠷᠠᠭᠤᠯᠤᠨ᠎ᠠ᠃ ᠬᠤᠶᠠᠷ ᠲᠤ᠂ ︽ᠬᠥᠮᠥᠨ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰ︾ ᠤᠨ ᠴᠢᠬᠤᠯᠠ | ᠡᠯᠧᠮᠧᠨ᠋ᠲ ᠢ ᠬᠤᠯᠪᠣᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠣᠷᠣᠨ ᠰᠠᠭᠤᠴᠠ ᠶᠢᠨ ᠣᠳᠣᠬᠢ ᠪᠠᠶᠢᠳᠠᠯ᠂ | ᠬᠥᠮᠥᠨ ᠠᠮᠠ ᠶᠢᠨ ᠬᠤᠪᠢᠷᠠᠯᠲᠠ᠂ ᠠᠵᠤ ᠦᠢᠯᠡᠰ ᠤᠨ ᠪᠠᠶᠢᠷᠢᠰᠢᠯ ᠵᠡᠷᠭᠡ ᠶᠢ ᠦᠨᠳᠦᠰᠦᠯᠡᠨ ᠣᠷᠣᠨ | ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠬᠡᠪᠴᠢᠶ᠎ᠡ᠂ | ᠪᠦᠲᠦᠴᠡ᠂ ᠣᠷᠣᠨ ᠵᠠᠢ ᠶᠢᠨ ᠪᠠᠶᠢᠷᠢᠰᠢᠯ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠨ᠂ | ᠭᠠᠵᠠᠷ ᠰᠢᠷᠣᠢ ᠶᠢᠨ ᠬᠠᠩᠭᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠮᠥᠩᠭᠦᠨ ᠭᠦᠢᠯᠭᠡᠭᠡ᠂ | ᠡᠳ᠋ ᠤᠨ ᠵᠠᠰᠠᠭ ᠭᠠᠶᠢᠯᠢ ᠶᠢᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠲᠣᠬᠢᠷᠠᠭᠤᠯᠤᠨ᠂ ᠬᠥᠮᠥᠨ ᠢᠶᠠᠷ ᠭᠡᠷ | ᠪᠠᠶᠢᠰᠢᠩ ᠲᠣᠭᠲᠠᠭᠠᠬᠤ᠂ ᠭᠡᠷ ᠪᠠᠶᠢᠰᠢᠩ ᠢᠶᠠᠷ ᠭᠠᠵᠠᠷ ᠲᠣᠭᠲᠠᠭᠠᠬᠤ᠂ ᠭᠡᠷ ᠪᠠᠶᠢᠰᠢᠩ ᠢᠶᠠᠷ ᠵᠣᠭᠤᠰ | ᠲᠣᠭᠲᠠᠭᠠᠬᠤ ᠶᠢ ᠪᠡᠶᠡᠯᠡᠭᠦᠯᠵᠦ᠂ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠶᠢᠨ ᠣᠯᠠᠨ ᠡᠰᠢᠵᠢᠭᠰᠡᠨ | ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ︽ᠠᠵᠢᠯ ᠣᠷᠣᠨ ᠰᠠᠭᠤᠴᠠ ᠵᠠᠮ | ᠬᠠᠷᠢᠯᠴᠠᠭ᠎ᠠ ᠦᠢᠯᠡᠴᠢᠯᠡᠭᠡ︾ ᠶᠢᠨ ᠣᠷᠣᠨ ᠵᠠᠢ ᠶᠢᠨ ᠬᠠᠮᠵᠢᠯᠴᠠᠭ᠎ᠠ ᠶᠢ ᠪᠠᠷᠢᠮᠲᠠᠯᠠᠬᠤ ᠬᠡᠷᠡᠭᠲᠡᠢ᠃ ᠣᠷᠣᠨ | ᠰᠠᠭᠤᠴᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠳᠤ ᠠᠵᠢᠯ ᠪᠠ ᠣᠷᠣᠨ ᠰᠠᠭᠤᠴᠠ ᠶᠢᠨ ᠲᠡᠩᠴᠡᠭᠦᠷᠢ ᠶᠢᠨ | ᠱᠠᠭᠠᠷᠳᠠᠯᠭ᠎ᠠ ᠶᠢ ᠭᠦᠢᠴᠡᠳ ᠪᠣᠳᠣᠯᠬᠢᠯᠠᠨ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ | ᠪᠠᠶᠢᠷᠢᠰᠢᠭᠤᠯᠤᠯᠲᠠ ᠳᠤ ᠨᠡᠶᠢᠴᠡᠭᠰᠡᠨ ᠤᠷᠢᠲᠠᠯ ᠳᠣᠣᠷ᠎ᠠ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠦᠲᠦᠴᠡ ᠪᠠ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠲᠦᠭᠦᠭᠡᠷᠦᠮᠵᠢ᠂ | ᠬᠤᠳᠠᠯᠳᠤᠭ᠎ᠠ ᠦᠢᠯᠡᠴᠢᠯᠡᠭᠡᠨ ᠤ ᠲᠦᠭᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠵᠢᠴᠢ | ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠵᠡᠷᠭᠡ ᠯᠦᠭᠡ ᠬᠠᠮᠵᠢᠯᠴᠠᠨ ᠪᠠᠶᠢᠷᠢᠰᠢᠭᠤᠯᠬᠤ ᠶᠢ | ᠴᠢᠩᠭᠠᠷᠠᠭᠤᠯᠤᠨ᠎ᠠ᠃ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠶᠢ | ᠨᠠᠷᠢᠯᠢᠭ ᠣᠨᠣᠴᠠᠲᠠᠢ ᠪᠠᠷ ᠵᠣᠬᠢᠴᠠᠭᠤᠯᠬᠤ ᠶᠢ ᠪᠡᠶᠡᠯᠡᠭᠦᠯᠦᠨ᠎ᠡ᠃ ︽ᠵᠢᠯᠤᠭᠤᠳᠤᠮᠵᠢ︾ ᠳᠤ᠂ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠠᠭᠠᠨ ᠪᠠᠲᠤᠯᠠᠭ᠎ᠠ ᠶᠢᠨ ᠪᠠ ᠵᠠᠬ᠎ᠠ ᠳᠡᠯᠭᠡᠭᠦᠷ ᠤᠨ ᠬᠤᠶᠠᠷ ᠰᠢᠰᠲ᠋ᠧᠮ ᠢ | ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠵᠦᠢ ᠵᠣᠬᠢᠰᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠠᠷ ᠵᠠᠷᠴᠢᠮ ᠪᠣᠯᠭᠠᠬᠤ ᠬᠡᠷᠡᠭᠲᠡᠢ᠂ ᠲᠤᠬᠠᠶᠢᠯᠠᠪᠠᠯ ᠵᠠᠰᠠᠭ ᠤᠨ | ᠣᠷᠳᠣᠨ ᠢᠶᠠᠷ ᠭᠤᠣᠯᠯᠠᠭᠤᠯᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠬᠦᠴᠢᠷᠳᠡᠯ ᠲᠠᠢ ᠴᠠᠯᠢᠩ ᠤᠨ | ᠬᠠᠮᠲᠤᠯᠢᠭ ᠤᠨ ᠵᠠᠶᠢᠯᠠᠰᠢ ᠦᠭᠡᠢ ᠣᠷᠣᠨ ᠰᠠᠭᠤᠴᠠ ᠶᠢᠨ ᠬᠡᠷᠡᠭᠴᠡᠭᠡ ᠶᠢ ᠪᠠᠳᠤᠯᠠᠨ᠎ᠠ᠂ ᠵᠠᠬ᠎ᠠ ᠳᠡᠯᠭᠡᠭᠦᠷ ᠢᠶᠠᠷ | ᠭᠤᠣᠯᠯᠠᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠶᠠᠩᠵᠤᠯᠠᠭᠰᠠᠨ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠣᠷᠣᠨ | ᠰᠠᠭᠤᠴᠠ ᠶᠢᠨ ᠪᠠᠲᠤᠯᠠᠭ᠎ᠠ ᠪᠠ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠠᠯ᠎ᠠ ᠪᠠᠷ ᠬᠢ | ᠬᠥᠭᠵᠢᠯᠲᠡ ᠶᠢᠨ ᠬᠠᠷᠠᠯᠲᠠ ᠪᠠ ᠭᠤᠣᠯ ᠡᠭᠦᠷᠭᠡ ᠶᠢ ᠲᠣᠳᠣᠷᠬᠠᠢ ᠪᠣᠯᠭᠠᠨ᠎ᠠ᠄ ᠨᠢᠭᠡ ᠳᠤ᠂ ᠣᠷᠣᠨ ᠰᠠᠭᠤᠴᠠ ᠶᠢᠨ | ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠣᠷᠣᠨ ᠰᠠᠭᠤᠴᠠ ᠶᠢᠨ | ᠪᠠᠲᠤᠯᠠᠭ᠎ᠠ ᠶᠢᠨ ᠰᠢᠰᠲ᠋ᠧᠮᠵᠢ ᠶᠢᠨ ᠪᠦᠷᠢᠯᠳᠦᠯ ᠢ ᠲᠣᠳᠣᠷᠬᠠᠶᠢᠯᠠᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠪᠦᠲᠦᠭᠡᠨ ᠪᠠᠶᠢᠭᠤᠯᠬᠤ ᠬᠡᠪᠴᠢᠶ᠎ᠡ᠂ ᠭᠡᠷ ᠪᠠᠶᠢᠰᠢᠩ ᠤᠨ ᠢᠷᠡᠯᠲᠡ ᠶᠢᠨ ᠵᠠᠭᠪᠤᠷ᠂ | ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠪᠡᠯᠡ ᠮᠥᠩᠭᠦ ᠶᠢᠨ ᠢᠷᠡᠯᠲᠡ ᠵᠡᠷᠭᠡ ᠠᠭᠤᠯᠭ᠎ᠠ ᠶᠢ ᠲᠣᠭᠲᠠᠭᠠᠵᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ᠂ ᠡᠵᠡᠩᠨᠡᠯᠲᠡ ᠶᠢᠨ ᠦᠢᠯᠡᠴᠢᠯᠡᠭᠡ᠂ ᠬᠢᠨᠠᠯᠲᠠ | ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ ᠣᠷᠣᠨ | ᠰᠠᠭᠤᠴᠠ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠳᠡᠮᠵᠢᠬᠦ ᠬᠡᠷᠡᠭᠲᠡᠢ᠃ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠪᠦᠷᠬᠦᠴᠡ ᠶᠢᠨ | ᠬᠡᠪᠴᠢᠶ᠎ᠡ ᠶᠢ ᠥᠷᠭᠡᠳᠬᠡᠬᠦ᠂ ᠪᠡᠯᠡ ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠬᠦ ᠵᠡᠷᠭᠡ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠠᠬ᠎ᠠ | ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠠᠭᠤᠯᠭ᠎ᠠ ᠶᠢ ᠵᠢᠷᠤᠮᠵᠢᠭᠤᠯᠤᠨ᠂ ᠬᠡᠪᠴᠢᠶᠡᠵᠢᠭᠦᠯᠦᠭᠰᠡᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ | ᠠᠬᠤᠶᠢᠯᠠᠯ ᠢ ᠪᠣᠶᠢᠵᠢᠭᠤᠯᠤᠨ᠎ᠠ᠃ | ᠨᠡᠮᠡᠭᠳᠡᠯ ᠭᠡᠷ ᠪᠠᠶᠢᠰᠢᠩ ᠤᠨ ᠬᠠᠳᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠶᠠᠰᠤ ᠴᠢᠨᠠᠷ ᠴᠢᠳᠠᠪᠦᠷᠢ ᠶᠢ ᠲᠡᠭᠡᠭᠰᠢᠯᠡᠭᠦᠯᠦᠨ᠎ᠡ᠃ ︽ᠵᠢᠯᠤᠭᠤᠳᠤᠮᠵᠢ︾ ᠳᠤ᠂ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠨᠡᠮᠡᠭᠳᠡᠯ ᠤᠨ ᠬᠡᠮᠵᠢᠶ᠎ᠡ ᠪᠠ ᠬᠠᠳᠠᠭᠠᠯᠠᠯᠲᠠ ᠶᠢᠨ ᠬᠡᠮᠵᠢᠶ᠎ᠡ ᠶᠢ | ᠨᠢᠭᠡᠳᠦᠯᠲᠡᠢ ᠲᠥᠯᠥᠪᠯᠡᠨ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠎ᠠ᠂ ᠡᠭᠦᠨ ᠤ | ᠵᠠᠩᠭᠢᠯᠠᠭ᠎ᠠ ᠨᠢ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠬᠠᠳᠠᠭᠠᠯᠠᠯᠲᠠ ᠶᠢᠨ ᠬᠡᠮᠵᠢᠶ᠎ᠡ ᠶᠢ ᠴᠢᠯᠦᠭᠡᠲᠡᠢ | ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠪᠣᠶ᠃ ᠨᠢᠭᠡ ᠳᠤ᠂ ᠨᠡᠮᠡᠭᠳᠡᠯ ᠪᠠ ᠬᠠᠳᠠᠭᠠᠯᠠᠯᠳᠠ ᠶᠢ ᠵᠡᠷᠭᠡ ᠪᠠᠷ | ᠴᠢᠬᠤᠯᠠᠴᠢᠯᠠᠵᠤ᠂ ᠬᠤᠳᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠠᠷᠭ᠎ᠠ ᠵᠠᠮ ᠢ ᠰᠢᠯᠢᠳᠡᠭᠵᠢᠭᠦᠯᠦᠨ᠎ᠡ᠃ ᠮᠠᠨ ᠤ | ᠤᠯᠤᠰ ᠤᠨ ᠣᠷᠣᠨ ᠰᠠᠭᠤᠴᠠ ᠶᠢᠨ ᠬᠥᠭᠵᠢᠯᠲᠡ ᠨᠢ ᠨᠡᠮᠡᠭᠳᠡᠯ ᠤᠨ ᠬᠡᠮᠵᠢᠶ᠎ᠡ ᠪᠠᠷ ᠭᠤᠣᠯ ᠪᠣᠯᠭᠠᠵᠤ | ᠪᠠᠶᠢᠭᠰᠠᠨ ᠠᠴᠠ ᠪᠠᠨ ᠨᠡᠮᠡᠭᠳᠡᠯ ᠪᠠ ᠬᠠᠳᠠᠭᠠᠯᠠᠯᠳᠠ ᠶᠢ ᠵᠡᠷᠭᠡ ᠪᠠᠷ ᠴᠢᠬᠤᠯᠠᠴᠢᠯᠠᠬᠤ ᠰᠢᠨ᠎ᠡ ᠴᠠᠭ ᠦᠶ᠎ᠡ ᠳᠤ | ᠰᠢᠯᠵᠢᠬᠦ ᠶᠢ ᠳᠠᠭᠠᠯᠳᠤᠨ᠂ ᠬᠤᠳᠠ ᠶᠢᠨ ᠰᠢᠨᠡᠴᠢᠯᠡᠯᠲᠡ ᠨᠢ ᠨᠢᠭᠡᠨᠲᠡ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ | ᠳᠡᠭᠡᠭᠰᠢᠯᠡᠵᠦ᠂ ᠡᠨᠡ ᠬᠦ ᠱᠠᠲᠤᠨ ᠳᠠᠬᠢ ᠬᠤᠳᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠭᠤᠣᠯ ᠬᠦᠭ | ᠠᠶᠠᠰ ᠪᠠ ᠤᠭ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃ ᠭᠡᠷ ᠪᠠᠶᠢᠰᠢᠩ ᠪᠤᠯᠤᠨ ᠣᠷᠣᠨ ᠰᠠᠭᠤᠴᠠ ᠶᠢᠨ | ᠲᠣᠭᠤᠷᠢᠭ ᠤᠨ ᠰᠢᠨᠡᠴᠢᠯᠡᠯᠲᠡ ᠶᠢᠨ ᠲᠠᠯ᠎ᠠ ᠪᠠᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ | ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠬᠦ ᠵᠡᠷᠭᠡ ᠦᠯᠡᠳᠡᠭᠡᠯ ᠰᠢᠨᠡᠴᠢᠯᠡᠯᠲᠡ ᠶᠢᠨ ᠠᠵᠢᠯ ᠢ ᠲᠥᠷᠥᠯ ᠬᠤᠪᠢᠶᠠᠨ ᠵᠢᠯᠤᠭᠤᠳᠴᠤ᠂ | ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯᠳᠠ | ᠬᠦᠴᠦᠨ ᠢ ᠪᠦᠲᠦᠮᠵᠢᠲᠡᠶ ᠪᠠᠳᠠᠷᠠᠭᠤᠯᠤᠨ᠎ᠠ᠃ ᠲᠥᠪ ᠬᠤᠲᠠ ᠶᠢᠨ ᠲᠣᠭᠤᠷᠢᠭ ᠤᠨ ᠣᠷᠣᠨ ᠵᠠᠢ ᠶᠢᠨ | ᠪᠠᠶᠢᠷᠢᠰᠢᠭᠤᠯᠤᠯᠲᠠ ᠶᠢᠨ ᠲᠠᠯ᠎ᠠ ᠪᠠᠷ᠂ ᠨᠡᠮᠡᠭᠳᠡᠯ ᠤᠨ ᠬᠡᠮᠵᠢᠶ᠎ᠡ᠂ ᠦᠯᠡᠳᠡᠭᠡᠯ ᠭᠠᠵᠠᠷ ᠰᠢᠷᠣᠢ ᠶᠢ ᠨᠡᠭᠡᠭᠡᠨ | ᠠᠰᠢᠭᠯᠠᠬᠤ ᠳᠠᠯᠳᠠ ᠬᠦᠴᠦᠨ ᠢ ᠦᠨᠡᠯᠡᠨ ᠵᠢᠱᠢᠵᠦ᠂ ᠣᠷᠣᠨ ᠰᠠᠭᠤᠴᠠ ᠶᠢᠨ ᠭᠠᠵᠠᠷ ᠰᠢᠷᠣᠢ ᠶᠢᠨ ᠬᠠᠩᠭᠠᠯᠭ᠎ᠠ ᠶᠢᠨ | ᠠᠷᠭ᠎ᠠ ᠵᠠᠮ ᠢ ᠨᠢᠭᠡᠳᠦᠯᠳᠡᠢ ᠲᠦᠯᠦᠪᠵᠢᠭᠦᠯᠦᠨ᠎ᠡ᠃ ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ᠂ ᠵᠢᠷᠤᠭᠯᠠᠨ ᠲᠥᠯᠥᠪᠯᠡᠬᠦ᠂ | ᠪᠦᠲᠦᠭᠡᠨ ᠪᠠᠶᠢᠭᠤᠯᠬᠤ᠂ ᠪᠠᠷᠢᠯᠭ᠎ᠠ ᠳᠠᠭᠤᠰᠬᠠᠬᠤ ᠠᠴᠠ ᠠᠷᠠᠴᠢᠯᠠᠨ ᠬᠠᠮᠠᠭᠠᠯᠠᠵᠤ ᠬᠠᠮᠢᠶᠠᠷᠬᠤ ᠬᠦᠷᠲᠡᠯ᠎ᠡ᠂ ᠵᠣᠬᠢᠬᠤ | ᠵᠢᠭᠠᠨ ᠵᠢᠯᠤᠭᠤᠳᠬᠤ ᠴᠢᠨᠠᠷᠲᠠᠢ ᠠᠭᠤᠯᠭ᠎ᠠ ᠶᠢ ᠳᠤᠷᠠᠳᠤᠨ ᠭᠠᠷᠭᠠᠪᠠ᠃ ᠬᠤᠶᠠᠷ ᠲᠤ᠂ ᠲᠤᠭ᠎ᠠ ᠬᠡᠮᠵᠢᠶ᠎ᠡ ᠶᠠᠰᠤ | ᠴᠢᠨᠠᠷ ᠢ ᠵᠡᠷᠭᠡᠪᠡᠷ ᠡᠷᠬᠢᠮᠯᠡᠬᠦ ᠶᠢ ᠲᠤᠪᠤᠶᠢᠯᠭᠠᠵᠦ᠂ ᠰᠠᠶᠢᠨ ᠰᠠᠶᠢᠬᠠᠨ ᠠᠮᠢᠳᠤᠷᠠᠯ ᠤᠨ ᠣᠷᠣᠨ ᠰᠠᠭᠤᠴᠠ ᠶᠢᠨ | ᠦᠯᠢᠭᠡᠷ ᠳᠠᠭᠤᠷᠢᠶᠠᠯ ᠢ ᠪᠤᠢ ᠪᠣᠯᠭᠠᠨ᠎ᠠ᠃ ᠮᠠᠨ ᠤ ᠤᠯᠤᠰ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠳᠠᠰᠢ ᠰᠢᠯᠵᠢᠬᠦ ᠶᠢ ᠳᠠᠭᠠᠯᠳᠤᠨ᠂ ︽ | ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ | ᠰᠠᠭᠤᠴᠠ ᠶᠢᠨ ᠬᠡᠷᠡᠭᠴᠡᠭᠡ ᠳᠤ ᠵᠣᠬᠢᠴᠠᠬᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠳᠤ | ᠲᠥᠷᠥᠭᠳᠡᠯ ᠢ ᠦᠨᠡᠨ ᠬᠦ ᠨᠡᠮᠡᠭᠳᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ︽ᠰᠠᠶᠢᠨ ᠭᠡᠷ | ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠪᠥᠬᠦ ᠦᠶᠡᠯᠡᠯ ᠤᠨ ᠬᠤᠭᠤᠴᠠᠭ᠎ᠠ᠂ ᠪᠥᠬᠦ ᠶᠠᠪᠤᠴᠠ᠂ ᠪᠥᠬᠦ | ᠬᠡᠯᠬᠢᠶ᠎ᠡ ᠠᠴᠠ ᠪᠣᠳᠣᠯᠬᠢᠯᠠᠨ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ᠵᠡᠷᠭᠡ | ᠳᠥᠷᠪᠡᠨ ᠶᠡᠭᠡ ᠲᠠᠯ᠎ᠠ ᠠᠴᠠ ᠰᠢᠰᠲ᠋ᠧᠮ ᠲᠠᠢ ᠲᠦᠯᠬᠢᠨ ᠠᠬᠢᠭᠤᠯᠬᠤ ᠬᠡᠷᠡᠭᠲᠡᠢ᠃ ᠬᠤᠳᠠ ᠶᠢᠨ ᠬᠥᠭᠵᠢᠯᠲᠡ ᠶᠢᠨ | ᠪᠣᠳᠠᠲᠤ ᠪᠠᠶᠢᠳᠠᠯ ᠢ ᠦᠨᠳᠦᠰᠦᠯᠡᠨ᠂ ᠵᠠᠯᠠᠭᠤᠴᠤᠳ ᠪᠠ ᠰᠢᠨ᠎ᠡ ᠬᠤᠳᠠ ᠶᠢᠨ ᠠᠷᠠᠳ᠂ ᠬᠡᠦᠬᠡᠳ ᠬᠥᠮᠥᠵᠢᠭᠦᠯᠬᠦ᠂ | ᠨᠠᠰᠤᠲᠠᠶᠢᠴᠤᠳ ᠵᠡᠷᠭᠡ ᠠᠳᠠᠯᠢ ᠪᠤᠰᠤ ᠵᠦᠷᠢᠶᠡᠴᠢᠯᠡᠭᠰᠡᠨ ᠬᠠᠮᠲᠤᠯᠢᠭ ᠤᠨ ︽ᠰᠠᠶᠢᠨ ᠭᠡᠷ ᠪᠠᠶᠢᠰᠢᠩ︾ ᠤᠨ | ᠬᠡᠷᠡᠭᠴᠡᠭᠡ ᠪᠠ ᠢᠵᠢ ᠲᠡᠮᠵᠢᠯᠭᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷ ᠲᠠᠢ ᠪᠠᠷ | ᠰᠤᠳᠤᠯᠬᠤ ᠬᠡᠷᠡᠭᠲᠡᠢ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠵᠠᠰᠠᠯᠲᠠ ᠪᠣᠯᠣᠨ ᠠᠳᠠᠯ ᠠᠬᠤᠢ ᠶᠢᠨ ᠦᠢᠯᠡᠴᠢᠯᠡᠭᠡ ᠵᠡᠷᠭᠡ ᠠᠭᠤᠯᠭ᠎ᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ ᠲᠣᠭᠤᠷᠢᠭ᠂ | ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ︾ ᠤᠨ ᠬᠤᠯᠪᠤᠭᠠᠯᠠᠨ ᠬᠥᠳᠡᠯᠦᠯᠴᠡᠬᠦ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃ | ︽ᠵᠢᠯᠤᠭᠤᠳᠤᠮᠵᠢ︾ ᠢ ᠨᠡᠶᠢᠲᠡᠯᠡᠭᠰᠡᠨ ᠨᠢ᠂ ᠣᠷᠣᠨ ᠨᠤᠲᠤᠭ ᠤᠨ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠰᠢᠰᠲ᠋ᠧᠮᠲᠦ ᠴᠢᠨᠠᠷ᠂ ᠠᠷᠭ᠎ᠠ ᠶᠢᠨ | ᠴᠢᠨᠠᠷ᠂ ᠳᠦᠷᠢᠮᠵᠢᠯᠲᠦ ᠴᠢᠨᠠᠷ ᠲᠤ ᠪᠠᠷᠢᠮᠵᠢᠶ᠎ᠠ ᠵᠢᠯᠣᠭᠤᠳᠤᠮᠵᠢ ᠬᠠᠩᠭᠠᠵᠠᠢ᠂ ︽ᠵᠢᠯᠤᠭᠤᠳᠤᠮᠵᠢ︾ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠤᠭᠤᠳᠴᠤ᠂ | ᠣᠷᠣᠨ ᠰᠠᠭᠤᠴᠠ ᠶᠢᠨ ᠬᠥᠭᠵᠢᠯᠲᠡ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ | ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠤᠯᠤᠨ᠎ᠠ᠃ | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |