︽ᠰᠠᠶᠢᠨ ᠭᠡᠷ ᠪᠠᠶᠢᠰᠢᠩ︾ ᠨᠢ ᠶᠠᠮᠠᠷ ᠶᠠᠩᠵᠤ ᠲᠠᠢ ᠪᠣᠶ︖ ᠬᠡᠵᠢᠶ᠎ᠡ ᠠᠰᠢᠭᠯᠠᠯᠳᠠ ᠳᠤ ᠤᠷᠤᠭᠤᠯᠬᠤ ᠪᠤᠶ︖
ᠨᠡᠶᠢᠲᠡᠯᠡᠭᠰᠡᠨ ᠴᠠᠭ᠄
2025/4/1
      ᠠᠮᠤᠭᠤᠯᠠᠩ ᠰᠠᠭᠤᠬᠤ ᠪᠤᠯ ᠠᠵᠢᠯ ᠦᠢᠯᠡᠰ ᠴᠤᠭᠴᠠᠯᠠᠬᠤ ᠶᠢᠨ ᠰᠠᠭᠤᠷᠢ ᠮᠦᠨ᠃ ᠡᠲᠡᠭᠡᠷ ᠵᠢᠯ ᠤᠳ ᠲᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠨᠢ ᠴᠥᠭᠡᠨ ᠪᠤᠰᠤ ᠬᠤᠲᠠ ᠶᠢᠨ ᠰᠠᠭᠤᠭᠠᠯᠢ ᠠᠷᠠᠳ ᠢ ᠵᠢᠵᠢᠭ ᠥᠨᠳᠥᠷ ᠳᠠᠪᠬᠤᠷᠭ᠎ᠠ᠂ ᠴᠠᠬᠢᠯᠭᠠᠨ ᠱᠠᠲᠤ ᠲᠠᠢ ᠭᠡᠷ ᠪᠠᠶᠢᠰᠢᠩ ᠳᠤ ᠰᠠᠭᠤᠯᠭᠠᠵᠤ᠂ ᠣᠷᠣᠨ ᠰᠠᠭᠤᠴᠠ ᠶᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠭᠰᠠᠨ ᠪᠣᠯᠪᠠᠴᠤ ᠮᠠᠰᠢ ᠣᠯᠠᠨ ᠣᠷᠣᠨ ᠰᠠᠭᠤᠴᠠ  ᠨᠢ ᠲᠠᠭᠤ ᠬᠦᠨᠳᠡᠶᠢᠷᠡᠭᠦᠯᠬᠦ ᠴᠢᠳᠠᠪᠦᠷᠢ ᠠᠨᠠᠢ᠂ ᠲᠠᠪᠬᠤᠷᠯᠢᠭ ᠤᠨ ᠥᠨᠳᠥᠷ ᠪᠣᠭᠤᠨᠢ᠂ ᠠᠷᠢᠭᠤᠨ ᠴᠡᠪᠡᠷ ᠤᠨ ᠲᠠᠰᠤᠯᠭ᠎ᠠ ᠶᠢᠨ ᠦᠨᠦᠷ ᠶᠡᠭᠡ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠯᠡ ᠦᠭᠡ ᠪᠠᠷ ᠬᠡᠯᠡᠪᠡᠯ᠂ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ︽ᠣᠲᠣ ᠦᠶ᠎ᠡ ᠶᠢᠨ ᠲᠥᠷᠥᠭᠳᠡᠯ︾ ᠪᠠᠰᠠ ᠲᠡᠶᠢᠮᠦ ᠴᠢᠩᠭ᠎ᠠ ᠪᠢᠰᠢ ᠪᠠᠶᠢᠵᠤ᠂ ︽ᠰᠠᠶᠢᠨ︾ ᠤ ᠪᠠᠷᠢᠮᠵᠢᠶ᠎ᠠ ᠠᠴᠠ ᠪᠠᠰᠠ ᠵᠥᠷᠢᠶ᠎ᠡ ᠲᠠᠢ ᠪᠠᠶᠢᠭᠰᠠᠭᠠᠷ᠃ ᠶᠠᠭ ᠡᠶᠢᠮᠦ ᠤᠴᠢᠷ ᠠᠴᠠ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠵᠦ ᠣᠷᠣᠭᠤᠯᠤᠭᠰᠠᠨ ︽ᠰᠠᠶᠢᠨ ᠭᠡᠷ ᠪᠠᠶᠢᠰᠢᠩ︾ ᠨᠢ ᠬᠥᠮᠥᠰ ᠤᠨ ᠠᠩᠬᠠᠷᠤᠯ ᠢ ᠴᠥᠭᠡᠨ ᠪᠤᠰᠤ ᠲᠠᠲᠠᠭᠰᠠᠨ ᠪᠠᠶᠢᠨ᠎ᠠ᠃       ︽ᠰᠠᠶᠢᠨ ᠭᠡᠷ ᠪᠠᠶᠢᠰᠢᠩ︾ ᠨᠢ ᠶᠠᠮᠠᠷ ᠶᠠᠩᠵᠦ ᠲᠠᠢ ᠪᠤᠶ︖        ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠄ ︽ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ︾ ᠭᠡᠵᠦ ᠲᠤᠳᠤᠷᠬᠠᠶᠢᠯᠠᠭᠰᠠᠨ ᠪᠠᠶᠢᠨ᠎ᠠ᠃      ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ  ᠠᠴᠠ ︽ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠶᠢ ᠨᠠᠶᠢᠷᠠᠭᠤᠯᠤᠨ ᠵᠣᠬᠢᠶᠠᠵᠤ᠂ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠳᠤ ᠵᠠᠰᠠᠪᠤᠷᠢ ᠣᠷᠣᠭᠤᠯᠵᠤ ᠪᠠᠶᠢᠨ᠎ᠠ᠂ ᠡᠭᠦᠨ ᠤ ᠳᠣᠲᠣᠷᠠᠬᠢ ︽ᠣᠷᠣᠨ ᠰᠠᠭᠤᠴᠠ ᠶᠢᠨ ᠲᠠᠪᠬᠤᠷᠯᠢᠭ ᠤᠨ ᠦᠨᠳᠦᠷ ᠤᠨ ᠪᠠᠷᠢᠮᠵᠢᠶ᠎ᠠ ᠶᠢ 3 ᠮᠧᠲᠷ ᠠᠴᠠ ᠳᠣᠣᠷ᠎ᠠ ᠪᠠᠶᠢᠯᠭᠠᠵᠤ ᠪᠤᠯᠬᠤ ᠦᠭᠡᠢ︾ ᠭᠡᠳᠡᠭ ᠨᠢ ᠰᠦᠯᠵᠢᠶᠡᠨ ᠨᠠᠶᠢᠵᠠ ᠨᠠᠷ ᠤᠨ ᠮᠠᠭᠲᠠᠭᠠᠯ ᠰᠠᠶᠢᠰᠢᠶᠠᠯ ᠢ ᠣᠯᠵᠤ ᠪᠠᠶᠢᠨ᠎ᠠ᠃ ᠥᠩᠭᠡᠷᠡᠭᠰᠡᠨ ᠳᠤ᠂ ᠮᠠᠰᠢ ᠣᠯᠠᠨ ᠭᠡᠷ ᠪᠠᠶᠢᠰᠢᠩ ᠤᠨ ᠲᠠᠪᠬᠤᠷᠯᠢᠭ ᠤᠨ ᠥᠨᠳᠥᠷ ᠨᠢ ᠵᠥᠪᠬᠡᠨ 2.6 ᠮᠧᠲᠷ᠂ 2.7 ᠮᠧᠲᠷ ᠪᠠᠶᠢᠵᠦ᠂ ᠡᠭᠦᠨ ᠤ ᠳᠡᠭᠡᠷ᠎ᠡ ᠰᠡᠭᠦᠯᠴᠢ ᠶᠢᠨ ᠬᠤᠭᠤᠴᠠᠭᠠᠨ ᠤ ᠵᠠᠰᠠᠵᠤ ᠴᠢᠮᠡᠭᠯᠡᠭᠰᠡᠨ ᠠᠴᠠ ᠣᠷᠣᠨ ᠵᠠᠢ ᠨᠢ ᠨᠠᠩ ᠢᠪᠴᠦᠤ ᠪᠤᠯᠤᠨ᠎ᠠ᠃ ᠲᠠᠪᠬᠤᠷᠯᠢᠭ ᠤᠨ ᠥᠨᠳᠥᠷ ᠢ ᠨᠡᠮᠡᠭᠳᠡᠭᠦᠯᠬᠦ ᠨᠢ ᠣᠷᠣᠨ ᠰᠠᠭᠤᠴᠠ ᠶᠢᠨ ᠰᠠᠯᠬᠢ ᠨᠡᠪᠲᠡᠷᠡᠬᠦ᠂ ᠬᠡᠷᠡᠯ ᠲᠤᠰᠤᠯᠳᠠ ᠳᠤ ᠠᠰᠢᠭᠲᠠᠢ ᠪᠥᠭᠡᠳ ᠠᠭᠠᠷ ᠨᠡᠪᠳᠡᠷᠡᠭᠦᠯᠬᠦ ᠰᠢᠰᠲ᠋ᠧᠮ᠂ ᠲᠤᠯᠠᠭᠠᠯᠭ᠎ᠠ ᠶᠢᠨ ᠲᠦᠭᠦᠭᠡᠷᠦᠮᠵᠢ ᠵᠡᠷᠭᠡ ᠲᠥᠬᠦᠭᠡᠷᠦᠮᠵᠢ ᠶᠢ ᠤᠭᠰᠠᠷᠠᠬᠤ ᠳᠤ ᠴᠤ ᠲᠥᠬᠦᠮ ᠪᠠᠶᠢᠵᠤ᠂ ᠣᠷᠣᠨ ᠰᠠᠭᠤᠴᠠ ᠶᠢ ᠨᠠᠩ ᠲᠠᠭᠠᠯᠠᠮᠵᠢᠲᠠᠢ ᠪᠣᠯᠭᠠᠳᠠᠭ᠃        ᠪᠠᠰᠠ ᠵᠢᠱᠢᠶᠡᠯᠡᠪᠡᠯ᠂ ᠵᠠᠷᠢᠮ ᠭᠠᠵᠠᠷ ᠣᠷᠣᠨ ᠤ ᠬᠢᠨ ︽ᠰᠠᠶᠢᠨ ᠭᠡᠷ ᠪᠠᠶᠢᠰᠢᠩ︾ ᠳᠤ ᠴᠢᠭᠯᠡᠭᠦᠯᠦᠨ ᠮᠡᠷᠭᠡᠵᠢᠯ ᠤᠨ ᠭᠤᠣᠯᠳᠠᠯᠭ᠎ᠠ ᠪᠠᠨ ᠲᠣᠭᠲᠠᠭᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠬᠥᠷᠰᠢ ᠵᠡᠷᠭᠡᠯᠡᠳᠡᠭᠡ ᠪᠠᠷ ᠢᠶᠠᠨ ᠬᠠᠮᠳᠦ ᠪᠠᠷ ᠡᠳ᠋ᠯᠡᠬᠦ ᠣᠯᠠᠨ ᠨᠡᠶᠢᠲᠡ ᠶᠢᠨ ᠣᠷᠣᠨ ᠵᠠᠢ᠂ ᠰᠠᠯᠬᠢ ᠪᠣᠷᠣᠭᠠᠨ ᠢ ᠲᠠᠯᠳᠠᠯᠠᠬᠤ ᠬᠤᠩᠭᠢᠯ ᠵᠡᠷᠭᠡ ᠶᠢ ᠪᠠᠭᠲᠠᠭᠠᠮᠵᠢ ᠶᠢᠨ ᠨᠣᠷᠮ᠎ᠠ ᠳᠤ ᠪᠤᠳᠤᠵᠤ ᠣᠷᠣᠭᠤᠯᠬᠤ ᠦᠭᠡᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠨᠥᠬᠦᠪᠦᠷᠢᠯᠡᠵᠦ᠂ ᠣᠯᠠᠨ ᠶᠠᠩᠵᠤ ᠶᠢᠨ ᠠᠮᠢᠳᠤᠷᠠᠯ ᠤᠨ ᠠᠬᠤᠢ ᠪᠠᠶᠢᠳᠠᠯ ᠢ ᠪᠣᠶ ᠪᠣᠯᠭᠠᠵᠤ ᠪᠠᠶᠢᠨ᠎ᠠ᠃        ︽ᠰᠠᠶᠢᠨ ᠭᠡᠷ ᠪᠠᠶᠢᠰᠢᠩ︾ ᠢ ᠬᠡᠵᠢᠶ᠎ᠡ ᠠᠰᠢᠭᠯᠠᠯᠳᠠ ᠳᠤ ᠤᠷᠤᠭᠤᠯᠬᠤ ᠪᠤᠶ︖        ᠪᠠᠳᠤᠯᠠᠭ᠎ᠠ ᠶᠢᠨ ᠣᠷᠣᠨ ᠰᠠᠭᠤᠴᠠ ᠶᠢ ᠶᠠᠭ ᠪᠠᠶᠢᠭᠤᠯᠵᠦ ᠪᠠᠶᠢᠨ᠎ᠠ᠃  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ  ᠨᠢ᠂ ᠡᠯ᠎ᠡ ᠭᠠᠵᠠᠷ ᠤᠨ ᠬᠢᠨ ᠶᠠᠭᠤᠨ ᠤ ᠤᠷᠢᠳ ᠪᠠᠲᠤᠯᠠᠭ᠎ᠠ ᠶᠢᠨ ᠣᠷᠣᠨ ᠰᠠᠭᠤᠴᠠ ᠪᠠᠨ ︽ᠰᠠᠶᠢᠨ ᠭᠡᠷ ᠪᠠᠶᠢᠰᠢᠩ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠣᠳᠣᠬᠠᠨ ᠳᠤ᠂ ᠴᠥᠭᠡᠨ ᠪᠤᠰᠤ ᠭᠠᠵᠠᠷ ᠣᠷᠣᠨ ᠤ  ᠬᠢᠨ ᠪᠠᠲᠤᠯᠠᠭ᠎ᠠ ᠶᠢᠨ ᠣᠷᠣᠨ ᠰᠠᠭᠤᠴᠠ ᠶᠢ ᠵᠠᠮ ᠬᠠᠷᠢᠯᠴᠠᠭ᠎ᠠ ᠲᠥᠬᠦᠮ᠂ ᠣᠯᠠᠨ ᠨᠡᠶᠢᠲᠡ ᠶᠢᠨ ᠲᠥᠬᠦᠭᠡᠷᠦᠮᠵᠢ ᠨᠡᠯᠢᠶᠡᠳ ᠪᠦᠷᠢᠨ ᠣᠷᠣᠨ ᠪᠦᠰᠡ ᠳᠤ ᠲᠣᠬᠢᠷᠠᠭᠤᠯᠵᠤ᠂ ᠭᠡᠷ ᠳᠣᠲᠣᠷᠠᠬᠢ ᠭᠡᠷ ᠤᠨ ᠡᠳ᠋ᠯᠡᠯ ᠬᠡᠷᠡᠭᠰᠡᠯ ᠪᠠ ᠭᠡᠷ ᠤᠨ ᠴᠠᠬᠢᠯᠭᠠᠨ ᠬᠡᠷᠡᠭᠰᠡᠯ ᠴᠥᠮ ᠪᠦᠷᠢᠨ᠂ ᠵᠠᠰᠠᠵᠤ ᠴᠢᠮᠡᠭᠯᠡᠬᠦ ᠮᠠᠲ᠋ᠧᠷᠢᠶᠠᠯ ᠨᠢ ᠠᠮᠤᠷ ᠲᠦᠪᠰᠢᠨ ᠪᠥᠭᠡᠳ ᠣᠷᠴᠢᠨ ᠠᠬᠤᠢ ᠶᠢ ᠬᠠᠮᠠᠭᠠᠯᠠᠵᠤ᠂ ᠦᠨ᠎ᠡ ᠬᠠᠩᠰᠢ ᠨᠢ ᠡᠷᠬᠢᠨ ᠲᠣᠭᠤᠷᠢᠨ ᠤ ᠠᠳᠠᠯᠢ ᠴᠢᠨᠠᠷ ᠴᠢᠨᠰᠠᠭ᠎ᠠ ᠲᠠᠢ ᠣᠷᠣᠨ ᠰᠠᠭᠤᠴᠠ ᠠᠴᠠ ᠨᠠᠩ ᠢᠯᠡᠭᠦᠦ ᠬᠠᠷᠠᠭᠠᠯᠵᠠᠯ ᠲᠠᠢ ᠪᠠᠶᠢᠳᠠᠭ᠂ ᠡᠨᠡ ᠨᠢ ᠳᠠᠷᠤᠢ ᠬᠤᠲᠠ ᠳᠤ ᠠᠵᠢᠯᠯᠠᠵᠦ ᠠᠮᠢᠳᠦᠷᠠᠵᠦ ᠲᠡᠮᠡᠴᠡᠵᠦ ᠪᠠᠶᠢᠭ᠎ᠠ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ ᠢ ᠠᠮᠤᠷ ᠲᠠᠶᠢᠪᠤᠩ ᠠᠵᠤ ᠲᠥᠷᠥᠭᠦᠯᠬᠦ ᠶᠢᠨ ᠲᠥᠯᠥᠭᠡ ᠶᠤᠮ᠃         ᠬᠠᠭᠤᠴᠢᠨ ᠤᠷᠤᠨ ᠰᠠᠭᠤᠴᠠ ᠶᠢᠨ ᠲᠤᠭᠤᠷᠢᠭ ᠢ ᠶᠠᠭ ᠥᠭᠡᠷᠡᠴᠢᠯᠡᠵᠦ ᠪᠠᠶᠢᠨ᠎ᠠ᠃ ︽ᠰᠠᠶᠢᠨ ᠭᠡᠷ ᠪᠠᠶᠢᠰᠢᠩ︾ ᠨᠢ ᠰᠢᠨ᠎ᠡ ᠭᠡᠷ ᠪᠠᠶᠢᠰᠢᠩ ᠪᠢᠰᠢ ᠪᠠᠶᠢᠵᠤ ᠮᠡᠳᠡᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠭᠡᠷᠡᠴᠢᠯᠡᠪᠡᠯ᠂ ᠨᠡᠩ ᠣᠯᠠᠨ ᠬᠠᠭᠤᠴᠢᠨ ᠭᠡᠷ ᠪᠠᠶᠢᠰᠢᠩ ᠨᠢ ︽ᠰᠠᠶᠢᠨ ᠭᠡᠷ ᠪᠠᠶᠢᠰᠢᠩ︾ ᠪᠣᠯᠵᠤ ᠬᠤᠪᠢᠷᠠᠬᠤ ᠪᠣᠯᠣᠨ᠎ᠠ᠃ ᠬᠤᠲᠠ ᠶᠢᠨ ᠰᠢᠨᠡᠴᠢᠯᠡᠯᠲᠡ ᠨᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠦᠢᠯᠡᠳᠦᠯᠭᠡ ᠬᠠᠩᠭᠠᠵᠤ᠂ ᠬᠠᠭᠤᠴᠢᠨ ᠤᠷᠤᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ᠂ ᠠᠰᠠᠷ ᠤᠨ ᠬᠤᠩᠭᠢᠯ᠂ ᠭᠠᠳᠠᠷ ᠲᠠᠯ᠎ᠠ ᠶᠢᠨ ᠥᠭᠡᠷᠡᠴᠢᠯᠡᠯᠲᠡ ᠠᠴᠠ ᠭᠡᠷ ᠳᠣᠲᠣᠷᠠᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠬᠦᠷᠳᠡᠯ᠎ᠡ ᠬᠠᠮᠳᠦ ᠲᠤᠨᠢ ᠠᠬᠢᠭᠤᠯᠤᠨ᠎ᠠ᠃ ᠵᠢᠱᠢᠶᠡᠯᠡᠪᠡᠯ᠂ ᠥᠷᠥᠭᠡᠨ ᠤ ᠬᠡᠯᠪᠡᠷᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ᠂ ᠭᠠᠯ ᠲᠣᠭᠤᠭᠠᠨ ᠭᠡᠷ ᠤᠨ ᠣᠷᠣᠨ ᠵᠠᠢ ᠶᠢ ᠨᠡᠮᠡᠭᠳᠡᠭᠦᠯᠬᠦ᠂ ᠠᠳᠠᠯᠢ ᠳᠠᠪᠬᠤᠷᠭ᠎ᠠ ᠶᠢᠨ ᠤᠰᠤ ᠭᠠᠳᠠᠭᠰᠢᠯᠠᠭᠤᠯᠬᠤ ᠮᠡᠷᠭᠡᠵᠢᠯ ᠢ ᠬᠡᠷᠡᠭᠯᠡᠬᠦ᠂ ᠳᠡᠭᠡᠳᠦ ᠳᠣᠣᠷᠠᠳᠤ ᠳᠠᠪᠬᠤᠷᠭ᠎ᠠ ᠶᠢᠨ ᠱᠤᠤᠬᠢᠶᠠᠨ ᠢ ᠪᠠᠭᠠᠰᠬᠠᠬᠤ᠂ ᠴᠠᠬᠢᠯᠭᠠᠨ ᠱᠠᠲᠤ ᠤᠭᠰᠠᠷᠠᠬᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠨᠥᠬᠦᠪᠦᠷᠢᠯᠡᠬᠦ ᠵᠡᠷᠭᠡ ᠪᠣᠯᠣᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠯᠡᠷᠬᠡᠶᠢᠯᠡᠬᠦ ᠳᠡᠭᠡᠨ᠂ 2000 ᠣᠨ ᠠᠴᠠ ᠡᠮᠦᠨ᠎ᠡ ᠪᠠᠶᠢᠭᠤᠯᠤᠭᠰᠠᠨ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠥᠮ ᠥᠭᠡᠷᠡᠴᠢᠯᠡᠬᠦ ᠬᠡᠪᠴᠢᠶᠡᠨ ᠳᠤ ᠣᠷᠣᠭᠤᠯᠵᠤ᠂ ᠣᠷᠣᠨ ᠵᠠᠢ ᠦᠷᠭᠡᠳᠭᠡᠨ᠎ᠡ ᠭᠡᠵᠡᠢ ᠃        ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠬᠤ ᠵᠡᠷᠭᠡ ᠤᠯᠠᠨ ᠠᠷᠪᠢᠨ ᠠᠰᠢᠭᠳᠠᠢ ᠲᠠᠯ᠎ᠠ ᠪᠠᠶᠢᠨ᠎ᠠ᠃  ᠤᠷᠢᠳᠠᠪᠠᠷ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠠᠬᠤᠢ ᠪᠠᠶᠢᠳᠠᠯ ᠳᠣᠣᠷ᠎ᠠ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠪᠡᠯ᠂ ᠨᠠᠩ ᠣᠯᠠᠨ ᠰᠠᠶᠢᠵᠢᠷᠠᠭᠤᠯᠤᠯᠲᠠ ᠶᠢᠨ ᠴᠢᠨᠠᠷᠲᠠᠢ ᠬᠡᠷᠡᠭᠴᠡᠭᠡ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠳᠠᠶᠢᠴᠢᠯᠠᠨ᠂ ᠣᠷᠣᠨ ᠰᠠᠭᠤᠴᠠ ᠶᠢᠨ ᠬᠡᠷᠡᠭᠯᠡᠭᠡ ᠶᠢ ᠬᠥᠭᠵᠢᠭᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠤᠯᠠᠮ ᠨᠢᠭᠡ ᠠᠯᠬᠤᠮ ᠲᠣᠭᠲᠠᠪᠤᠷᠢᠵᠢᠬᠤ ᠶᠢ ᠲᠦᠯᠬᠢᠨ ᠠᠬᠢᠭᠤᠯᠬᠤ ᠪᠣᠯᠣᠨ᠎ᠠ᠃ ᠡᠭᠦᠨ ᠢᠶᠠᠷ ᠪᠠᠷᠠᠬᠤ ᠦᠭᠡᠢ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠶᠡᠭᠡ ᠬᠡᠮᠵᠢᠶᠡᠨ ᠤ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠨᠠᠰᠤᠵᠢᠯ ᠳᠤ ᠲᠣᠬᠢᠷᠠᠬᠤ ᠥᠭᠡᠷᠡᠴᠢᠯᠡᠨ ᠵᠠᠰᠠᠬᠤ ᠵᠡᠷᠭᠡ ᠵᠠᠰᠠᠯ ᠴᠢᠮᠡᠭᠯᠡᠯ ᠤᠨ ᠬᠡᠷᠡᠭᠴᠡᠭᠡ ᠶᠢ ᠪᠣᠶ ᠪᠣᠯᠭᠠᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠪᠣᠯᠣᠨ᠎ᠠ᠃        ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠠᠷᠢᠯᠭ᠎ᠠ ᠶᠢᠨ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠠᠵᠤ ᠦᠢᠯᠡᠰ ᠮᠥᠨ᠂ ᠠᠵᠤ ᠦᠢᠯᠡᠰ ᠤᠨ ᠬᠡᠯᠬᠢᠶ᠎ᠡ ᠨᠢ ᠤᠷᠳᠤ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠬᠡᠮᠵᠢᠶ᠎ᠡ ᠨᠢ ᠶᠡᠭᠡ ᠪᠠᠶᠢᠳᠠᠭ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠡᠷᠡᠭᠯᠡᠬᠦ᠂ ᠦᠢᠯᠡᠴᠢᠯᠡᠬᠦ ᠵᠡᠷᠭᠡ ᠡᠯ᠎ᠡ ᠭᠤᠭᠴᠤᠭ᠎ᠠ ᠶᠢ ᠬᠠᠮᠤᠷᠴᠤ᠂ ᠦᠢᠯᠡᠳᠬᠦᠨ ᠤ ᠰᠢᠰᠲ᠋ᠧᠮᠵᠢ ᠪᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠦᠲᠦᠮᠵᠢᠲᠡᠶ ᠲᠦᠯᠬᠢᠨ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠳᠠᠶᠢᠴᠢᠯᠠᠵᠤ ᠴᠢᠳᠠᠨ᠎ᠠ᠃ ᠳᠤᠯᠠᠭᠠᠨ ᠢ ᠬᠠᠮᠠᠭᠠᠯᠠᠬᠤ᠂ ᠤᠰᠤ ᠶᠢ ᠰᠡᠷᠭᠡᠶᠢᠯᠡᠬᠦ ᠥᠨᠳᠥᠷ ᠴᠢᠳᠠᠪᠬᠢᠲᠤ ᠮᠠᠲ᠋ᠧᠷᠢᠶᠠᠯ᠂ ᠪᠠᠷᠢᠯᠭ᠎ᠠ ᠶᠢᠨ ᠬᠤᠭᠤᠴᠠᠭ᠎ᠠ ᠶᠢ ᠪᠣᠭᠤᠨᠢᠰᠬᠠᠬᠤ᠂ ᠠᠷᠠᠴᠢᠯᠠᠨ ᠬᠠᠮᠠᠭᠠᠯᠠᠬᠤ ᠳᠤ ᠲᠦᠭᠦᠮ ᠤᠭᠰᠠᠷᠠᠮᠠᠯ ᠮᠠᠶ᠋ᠢᠭ ᠤᠨ ᠵᠠᠰᠠᠯ ᠴᠢᠮᠡᠭᠯᠡᠯ᠂ ᠭᠡᠷ ᠳᠣᠲᠣᠷᠠᠬᠢ ᠣᠷᠴᠢᠨ ᠲᠣᠭᠤᠷᠢᠨ ᠢ ᠠᠦ᠋ᠲ᠋ᠣ᠋ ᠵᠣᠬᠢᠴᠠᠭᠤᠯᠬᠤ ᠤᠶᠤᠨᠴᠢ ᠭᠡᠷ ᠤᠨ ᠬᠡᠷᠡᠭᠰᠡᠯ᠂ ᠠᠷᠠᠳ ᠲᠤ ᠲᠦᠭᠦᠮ ᠦᠵᠡᠭᠦᠯᠬᠦ ᠨᠣᠭᠤᠭ᠎ᠠ ᠶᠢᠨ ᠳᠡᠯᠭᠡᠭᠦᠷ᠂ ᠬᠡᠦᠬᠡᠳ ᠰᠠᠭᠠᠲᠠᠭᠤᠯᠬᠤ ᠭᠠᠵᠠᠷ᠂ ᠠᠷᠢᠭᠤᠨ ᠴᠡᠪᠡᠷ ᠢ ᠬᠠᠮᠠᠭᠠᠯᠠᠬᠤ ᠰᠡᠯᠪᠢᠨ ᠵᠠᠰᠠᠬᠤ ᠵᠡᠷᠭᠡ ᠢᠵᠢ ᠪᠦᠷᠢᠳᠦᠭᠰᠡᠨ ᠦᠢᠯᠡᠴᠢᠯᠡᠭᠡ ᠨᠢ ᠴᠥᠮ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠬᠤ ᠶᠤᠮ᠃        ︽ᠥᠷᠢ ᠥᠭᠴᠡᠭᠡ ᠶᠡᠬᠡᠲᠡᠢ᠂ ᠬᠥᠰᠢᠭᠦᠷᠭᠡ ᠶᠡᠬᠡᠲᠡᠢ᠂ ᠡᠷᠭᠢᠯᠲᠡ ᠶᠡᠬᠡᠲᠡᠢ︾ ᠵᠠᠭᠪᠤᠷ ᠠᠴᠠ ᠨᠢᠭᠡᠨᠲᠡ ᠠᠩᠭᠢᠵᠢᠷᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠠᠪᠴᠤ ᠬᠡᠯᠡᠪᠡᠯ᠂ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠴᠦ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠠᠵᠤ ᠠᠬᠤᠶᠢᠯᠠᠯ ᠤᠨ ᠨᠠᠩ ᠥᠨᠳᠥᠷ ᠶᠠᠰᠤ ᠴᠢᠨᠠᠷ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠠᠶᠢᠨ ᠦᠢᠯᠡᠴᠢᠯᠡᠭᠡ ᠶᠢ ᠬᠥᠭᠡᠭᠡᠴᠡᠯᠳᠦᠬᠦ ︽ᠰᠢᠨ᠎ᠡ ᠤᠷᠤᠯᠳᠤᠭᠠᠨ ᠤ ᠵᠠᠮ︾ ᠳᠠᠰᠢ ᠰᠢᠯᠵᠢᠬᠦ ᠶᠢ ᠠᠬᠢᠭᠤᠯᠬᠤ ᠪᠣᠯᠣᠨ᠎ᠠ᠃        ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠳᠤ᠂ ᠵᠢᠷᠤᠭ ᠲᠥᠯᠥᠪᠯᠡᠭᠡ᠂ ᠮᠠᠲ᠋ᠧᠷᠢᠶᠠᠯ ᠂ ᠪᠦᠳᠦᠭᠡᠨ ᠪᠠᠶᠢᠭᠤᠯᠬᠤ ᠂ ᠦᠢᠯᠡᠴᠢᠯᠡᠭᠡ ᠶᠢ ᠴᠢᠩᠭᠠᠳᠬᠠᠬᠤ ᠬᠡᠷᠡᠭᠳᠡᠢ᠂ ᠡᠨᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ ᠪᠣᠯᠬᠤᠷ ᠨᠡᠶᠢᠭᠡᠮ ᠤᠨ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠵᠤ᠂ ᠬᠠᠮᠲᠤ ᠪᠠᠷ ᠴᠢᠷᠮᠠᠶᠢᠬᠤ ᠴᠢᠬᠤᠯᠠᠲᠠᠢ᠃ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ ᠪᠣᠯᠣᠨ ᠪᠣᠬᠢᠷᠲᠤᠯ ᠦᠭᠡᠢ ᠲᠡᠰᠢ ᠦᠷᠭᠦᠯᠵᠢᠯᠡᠨ ᠬᠤᠪᠢᠷᠠᠬᠤ ᠶᠢ ᠳᠠᠭᠠᠯᠳᠤᠨ᠂ ᠮᠠᠲ᠋ᠧᠷᠢᠶᠠᠯ᠂ ᠪᠦᠳᠦᠭᠡᠨ ᠪᠠᠶᠢᠭᠤᠯᠬᠤ ᠵᠡᠷᠭᠡ ᠭᠤᠭᠴᠤᠭ᠎ᠠ ᠨᠢ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠣᠮᠵᠢ ᠲᠠᠢ ᠪᠣᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠦᠷᠳᠡᠭ ᠢ ᠶᠡᠬᠡᠪᠡᠷ ᠪᠠᠭᠤᠷᠠᠭᠤᠯᠬᠤ ᠪᠣᠯᠣᠯᠴᠠᠭ᠎ᠠ ᠲᠠᠢ᠃ ᠡᠩ ᠤᠨ ᠭᠡᠷ ᠪᠦᠯᠢ ︽ᠰᠠᠶᠢᠨ ᠭᠡᠷ ᠪᠠᠶᠢᠰᠢᠩ︾ ᠳᠤ ᠰᠠᠭᠤᠬᠤ ᠨᠢ ᠲᠡᠶᠢᠮᠦ ᠬᠤᠯᠠ ᠶᠢᠨ ᠶᠠᠪᠤᠳᠠᠯ ᠪᠢᠰᠢ᠃  ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1