ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ  ᠠᠬᠢᠭᠤᠯᠤᠶ᠎ᠠ︾ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/12
      ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ 2025 ᠣᠨ ᠤ 4 ᠳ᠋ᠤᠭᠡᠷ ᠰᠠᠷ᠎ᠠ ᠶᠢᠨ 15  ᠤ ᠡᠳᠦᠷ ᠠᠴᠠ ᠡᠬᠢᠯᠡᠵᠦ᠂ ᠪᠠᠭ ᠤᠨ ᠪᠦᠷᠢᠯᠳᠦᠭᠦᠨ ᠢᠶᠠᠷ ᠳᠠᠭᠠᠭᠤᠯᠵᠤ᠂ ᠭᠤᠷᠪᠠᠨ ᠳᠤᠭᠤᠶᠢᠯᠠᠩ ᠬᠤᠪᠢᠶᠠᠨ ᠬᠠᠷᠢᠶ᠎ᠠ ᠣᠷᠣᠨ ᠤ ᠠᠵᠤ ᠠᠬᠤᠶᠢᠯᠠᠯ ᠢᠶᠠᠷ ᠰᠤᠷᠪᠤᠯᠵᠢᠯᠠᠵᠤ᠂ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠤᠶ᠎ᠠ︾ ᠲᠤᠰᠬᠠᠢ ᠠᠵᠢᠯᠯᠠᠭ᠎ᠠ ᠥᠷᠨᠢᠭᠦᠯᠵᠦ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠪᠠ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠨ ᠬᠡᠷᠡᠭᠯᠡᠬᠦ ᠨᠢᠭᠡᠴᠡ ᠳᠤ ᠠᠵᠢᠯ ᠮᠡᠷᠭᠡᠵᠢᠯ ᠤᠨ ᠪᠣᠯᠪᠠᠰᠤᠷᠠᠯ᠂ ᠬᠥᠮᠥᠨ ᠪᠠ ᠠᠵᠢᠯ ᠤᠨ ᠪᠠᠶᠢᠷᠢ ᠶᠢ ᠵᠣᠬᠢᠴᠠᠭᠤᠯᠬᠤ᠂ ᠤᠷᠢᠨ ᠬᠡᠷᠡᠭᠯᠡᠬᠦ ᠶᠢ ᠵᠣᠯᠭᠠᠭᠤᠯᠬᠤ ᠦᠢᠯᠡᠴᠢᠯᠡᠭᠡ ᠬᠠᠩᠭᠠᠵᠤ᠂ ᠨᠡᠩ ᠤᠯᠠᠨ ᠵᠡᠮᠳᠡᠭᠴᠦᠳ ᠤᠨ ᠠᠵᠢᠯ ᠣᠯᠬᠤ ᠶᠢ ᠠᠬᠢᠭᠤᠯᠪᠠ᠃      ᠲᠣᠰ ᠤᠳᠠᠭᠠᠨ ᠤ ᠲᠤᠰᠬᠠᠢ ᠠᠵᠢᠯᠯᠠᠭ᠎ᠠ ᠨᠢ ᠲᠥᠷᠥ ᠶᠢᠨ ᠪᠣᠳᠣᠯᠭ᠎ᠠ ᠶᠢ ᠤᠬᠠᠭᠤᠯᠤᠨ ᠵᠢᠯᠤᠭᠤᠳᠬᠤ᠂ ᠠᠵᠢᠯ ᠤᠨ ᠪᠠᠶᠢᠷᠢ ᠶᠢ ᠠᠭᠤᠳᠠᠯᠬᠤ᠂ ᠠᠵᠢᠯᠴᠢᠨ ᠬᠡᠷᠡᠭᠯᠡᠬᠦ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠡᠮᠳᠡᠭᠴᠦᠳ ᠤᠨ ᠠᠵᠢᠯ ᠣᠯᠭᠤᠯᠲᠠ ᠬᠢᠭᠡᠳ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ ᠠᠵᠢᠯ ᠤᠨ ᠪᠠᠶᠢᠷᠢ ᠶᠢ ᠥᠷᠭᠡᠳᠬᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠪᠠ︔ ᠵᠡᠮᠳᠡᠭᠴᠦᠳ ᠤᠨ ᠠᠵᠢᠯ ᠣᠯᠭᠤᠬᠤ ᠠᠵᠢᠯ ᠤᠨ ᠪᠠᠶᠢᠷᠢ ᠨᠢᠭᠡᠪᠦᠷᠢ ᠶᠢᠨ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠦᠨᠡᠨᠬᠦ ᠠᠵᠢᠯ ᠣᠯᠬᠤ ᠬᠦᠰᠡᠯ ᠡᠷᠡᠮᠡᠯᠵᠡᠯ ᠪᠠ ᠴᠢᠳᠠᠪᠤᠷᠢ ᠲᠠᠢ ᠵᠡᠮᠳᠡᠭᠴᠦᠳ ᠲᠤ ᠠᠵᠢᠯ ᠣᠯᠭᠤᠬᠤ ᠶᠢ ᠪᠡᠶᠡᠯᠡᠭᠦᠯᠪᠡ᠃      ᠲᠣᠰ ᠤᠳᠠᠭ᠎ᠠ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠭᠰᠡᠨ ᠠᠶᠢᠯᠴᠢᠯᠠᠯᠲᠠ ᠢᠯᠡᠳᠲᠡ ᠦᠷ᠎ᠡ ᠪᠦᠲᠦᠮᠵᠢ ᠣᠯᠵᠤ᠂ ᠰᠢᠶᠠᠨ ᠤ ᠳᠣᠲᠣᠷᠠᠬᠢ 15 ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ 6 ᠠᠵᠢᠯ ᠤᠨ ᠪᠠᠶᠢᠷᠢ ᠶᠢ ᠥᠷᠭᠡᠳᠬᠡᠵᠦ᠂ ᠨᠠᠩ ᠣᠯᠠᠨ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1