ᠡᠨᠡ ᠵᠢᠯ ᠪᠣᠯ ᠤᠯᠤᠰ ᠤᠨ ᠠᠮᠤᠷ ᠲᠦᠪᠰᠢᠨ ᠤ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 10 ᠵᠢᠯ ᠤᠨ | ᠤᠢ ᠪᠣᠯᠣᠨ᠎ᠠ᠂ 4 ᠳ᠋ᠤᠭᠡᠷ ᠰᠠᠷ᠎ᠠ ᠶᠢᠨ 15 ᠤ ᠡᠳᠦᠷ ᠪᠣᠯ ᠠᠷᠪᠠᠳᠤᠭᠠᠷ ︽ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠤᠬᠠᠮᠰᠠᠷ ᠪᠣᠯᠣᠨ ᠬᠠᠤᠯᠢᠵᠢᠯ ᠤᠨ ᠤᠬᠠᠮᠰᠠᠷ ᠢ ᠦᠨᠡᠨᠬᠦ ᠴᠢᠩᠭᠠᠳᠬᠠᠬᠤ ᠶᠢᠨ ᠲᠦᠯᠦᠭᠡ᠂ ᠰᠢᠶᠠᠨ ᠤ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠠᠴᠠ ᠰᠢᠶᠠᠨ ᠤ ᠨᠠᠮ ᠤᠨ ᠬᠤᠷᠢᠶ᠎ᠠ ᠶᠢᠨ | ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠯᠪᠠᠨ ᠭᠡᠷ ᠵᠡᠷᠭᠡ ᠬᠤᠯᠪᠣᠭᠳᠠᠯ ᠪᠦᠬᠦᠢ ᠨᠢᠭᠡᠴᠡ ᠲᠠᠢ | ᠬᠠᠮᠲᠤᠷᠠᠵᠤ᠂ ᠲᠣᠭᠲᠠᠬᠤ ᠰᠢᠶᠠᠨ ᠤ ᠤᠮᠠᠷᠠᠲᠤ ᠶᠢᠨ ᠰᠣᠶᠣᠯ ᠤᠨ ᠬᠤᠩᠭᠢᠯ ᠳᠤ 2025 ᠣᠨ ᠤ ᠪᠦᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ | ᠥᠷᠨᠢᠭᠦᠯᠵᠡᠢ᠃ | ᠠᠵᠢᠯᠯᠠᠭᠠᠨ ᠤ ᠳᠤᠮᠳᠠ᠂ ᠠᠵᠢᠯᠲᠠᠳ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠶᠡᠷᠦᠩᠬᠡᠢ | ᠦᠵᠡᠯᠲᠡ ᠶᠢᠨ ᠤᠬᠠᠭᠤᠯᠭ᠎ᠠ ᠶᠢᠨ ᠭᠠᠷ ᠳᠡᠪᠲᠡᠷ᠂ ᠲᠠᠩᠨᠠᠭᠤᠯ ᠢ ᠡᠰᠡᠷᠭᠦᠴᠡᠬᠦ ᠮᠡᠳᠡᠯᠭᠡ ᠶᠢᠨ ᠭᠠᠷ ᠳᠡᠪᠲᠡᠷ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 3000 ᠭᠠᠷᠤᠢ ᠬᠤᠪᠢ ᠲᠠᠷᠬᠠᠭᠠᠭᠰᠠᠨ ᠤ ᠬᠠᠮᠲᠤ ᠳᠡᠯᠭᠡᠨ ᠦᠵᠡᠭᠦᠯᠬᠦ | ᠰᠠᠮᠪᠠᠷ᠎ᠠ ᠲᠠᠯᠪᠢᠬᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠤᠯᠠᠨ ᠲᠦᠮᠡᠨ ᠳᠤ | ᠤᠯᠤᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠵᠦ᠂ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢᠨ ᠲᠤᠬᠠᠢ | ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠪᠡ᠃ ᠡᠭᠦᠨ ᠤ ᠬᠠᠮᠲᠤ᠂ ︽ᠨᠢᠭᠤᠴᠠ ᠶᠢ ᠬᠠᠮᠠᠭᠠᠯᠠᠬᠤ ᠦᠵᠡᠯᠲᠡ | ︾ APP᠂ ᠡᠯᠧᠺᠲᠷᠣᠨ ᠳᠡᠯᠭᠡᠴᠡ᠂ ᠢᠨᠲ᠋ᠧᠷ ᠰᠦᠯᠵᠢᠶ᠎ᠡ᠂ ᠸᠢᠴᠠᠲ ᠤᠨ ᠲᠠᠪᠴᠠᠩ ᠢ ᠭᠦᠢᠴᠡᠳ ᠠᠰᠢᠭᠯᠠᠨ | ᠰᠦᠯᠵᠢᠶᠡᠨ ᠳᠡᠭᠡᠷ᠎ᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠳᠡᠭᠡᠷ᠎ᠡ + | ᠰᠦᠯᠵᠢᠶᠡᠨ ᠭᠠᠳᠠᠨ᠎ᠠ ᠬᠤᠯᠪᠤᠭᠠᠯᠠᠨ ᠬᠥᠳᠡᠯᠦᠯᠴᠡᠬᠦ ᠤᠬᠠᠭᠤᠯᠭ᠎ᠠ ᠶᠢᠨ ᠲᠣᠭᠲᠠᠴᠠ ᠶᠢ ᠪᠣᠶ ᠪᠤᠯᠭᠠᠪᠠ᠃ | ︽ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠳᠡᠨ ᠢ ᠤᠬᠠᠮᠰᠠᠷ ᠠᠴᠠ ᠪᠠᠨ ᠤᠯᠤᠰ ᠤᠨ ᠠᠮᠤᠷ | ᠲᠦᠪᠰᠢᠨ ᠤ ᠮᠡᠳᠡᠯᠭᠡ ᠶᠢᠨ ᠢᠳᠡᠪᠬᠢᠲᠡᠢ ᠤᠯᠠᠮᠵᠢᠯᠠᠭᠴᠢ᠂ ᠤᠯᠤᠰ ᠢᠶᠠᠨ ᠬᠠᠶᠢᠷᠠᠯᠠᠬᠤ ᠦᠵᠡᠯ ᠤᠨ ᠡᠷᠡᠰ ᠪᠠᠲᠤ | ᠦᠢᠯᠡᠳᠦᠯᠭᠡᠵᠢᠭᠦᠯᠦᠭᠴᠢ ᠪᠠ ᠤᠯᠤᠰ ᠤᠨ ᠠᠮᠤᠷ ᠲᠦᠪᠰᠢᠨ ᠤ ᠰᠢᠳᠤᠷᠭᠤ ᠬᠠᠮᠠᠭᠠᠯᠠᠭᠴᠢ ᠪᠣᠯᠭᠠᠬᠤ ᠪᠠᠷ ᠬᠥᠲᠥᠯᠥᠨ | ᠵᠢᠯᠤᠭᠤᠳᠴᠤ᠂ ᠪᠥᠬᠦ ᠰᠢᠶᠠᠨ ᠤ ᠬᠡᠪᠴᠢᠶᠡᠨ ᠳᠤ ︿ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ | ᠬᠠᠷᠢᠭᠤᠴᠠᠯᠭ᠎ᠠ ᠲᠠᠢ﹀ ᠪᠠᠶᠢᠬᠤᠦᠵᠡᠯ ᠤᠬᠠᠮᠰᠠᠷ ᠢ ᠪᠣᠶ ᠪᠣᠯᠭᠠᠪᠠ︔ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ︿ᠤᠯᠤᠰ ᠭᠡᠷ ᠤᠨ ᠠᠮᠤᠷ ᠲᠦᠪᠰᠢᠨ ᠤ ᠬᠠᠮᠲᠤ ᠶᠢᠨ | ᠴᠣᠭᠴᠠ﹀ ᠶᠢᠨ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠵᠤ᠂ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠠᠮᠤᠭᠤᠯᠠᠩ | ᠲᠣᠭᠲᠠᠬᠤ ᠶᠢ ᠪᠦᠲᠦᠭᠡᠨ ᠪᠠᠶᠢᠭᠤᠯᠬᠤ ᠳᠤ ᠰᠠᠭᠤᠷᠢ ᠶᠢ ᠪᠠᠲᠤᠳᠬᠠᠨ᠎ᠠ︾ ᠭᠡᠵᠦ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠲᠠᠬᠤ ᠰᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠡᠭᠦᠷ ᠤᠨ | ᠭᠡᠰᠢᠭᠦᠳ ᠤᠨ ᠬᠤᠷᠠᠯ ᠤᠨ ᠳᠡᠳ᠋ ᠱᠦᠵᠢ ᠯᠢᠦ ᠶᠢᠨ ᠬᠤᠸᠠ ᠬᠡᠯᠡᠪᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |