ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠦᠬᠦ ᠰᠢᠶᠠᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠤᠨ ᠰᠦᠪᠡᠭᠴᠢ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠶᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/4/17
      ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢᠨ ᠲᠤᠰᠠᠳᠠ᠂ ᠤᠳᠤ ᠪᠦᠬᠦ ᠰᠢᠶᠠᠨ ᠢᠶᠠᠷ ᠢᠶᠠᠨ ᠰᠤᠷᠭᠠᠨ ᠬᠥᠮᠦᠵᠢᠯ ᠤᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠭᠤᠯᠭ᠎ᠠ ᠠᠷᠭ᠎ᠠ ᠮᠠᠶ᠋ᠢᠭ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄       ᠨᠢᠭᠡ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠣᠪᠣᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠤᠲᠠᠰᠤ᠄ 0471-8523149 ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ tktzzzx@126.com      ᠬᠤᠶᠠᠷ᠂ ᠰᠤᠷᠭᠠᠭᠤᠯᠢ ᠶᠢᠨ ᠬᠤᠪᠴᠠᠰᠤ ᠬᠤᠳᠠᠯᠳᠤᠨ ᠠᠪᠬᠤ ᠳᠤ ᠠᠰᠢᠭ ᠣᠯᠬᠤ ᠵᠡᠷᠭᠡ ᠠᠰᠠᠭᠤᠳᠠᠯ ᠢ ᠢᠯᠡᠴᠢᠯᠡᠨ ᠮᠡᠳᠡᠭᠦᠯᠬᠦ ᠤᠲᠠᠰᠤ᠄ 0471-8523149 ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ tktzzzx@126.com      ᠭᠤᠷᠪᠠ᠂ ᠵᠢᠭᠠᠨ ᠰᠤᠷᠭᠠᠬᠤ ᠬᠠᠪᠰᠤᠷᠤᠮᠵᠢ ᠮᠠᠲ᠋ᠧᠷᠢᠶᠠᠯ ᠢ ᠵᠠᠬᠢᠶᠠᠯᠠᠬᠤ ᠳᠤ ᠠᠰᠢᠭ ᠣᠯᠬᠤ ᠵᠡᠷᠭᠡ ᠠᠰᠠᠭᠤᠳᠠᠯ ᠢ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ 77348547@qq.com      ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9:00-12:00᠂ ᠦᠳᠡ ᠶᠢᠨ ᠬᠤᠶᠢᠨᠠᠬᠢ 2:30-5:30᠃      ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠤ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠢᠳᠡᠪᠬᠢᠲᠡᠢ ᠪᠠᠷ ᠬᠠᠩᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠂ ᠵᠠᠬᠢᠳᠠᠯ ᠢᠷᠡᠭᠦᠯᠬᠦ ᠳᠡᠭᠡᠨ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶᠢᠯᠠᠬᠤ ᠪᠣᠯᠪᠠᠤ᠃        ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ            2025 ᠣᠨ ᠤ 4 ᠳ᠋ᠤᠭᠡᠷ ᠰᠠᠷ᠎ᠠ ᠶᠢᠨ 18 ᠤ ᠡᠳᠦᠷ ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1