ᠵᠠᠰᠠᠭ ᠮᠦᠩᠭᠦᠨ ᠭᠦᠢᠯᠭᠡᠭᠡ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ | ᠂ ᠰᠢᠶᠠᠨ ᠤ ᠬᠡᠪᠴᠢᠶᠡᠨ ᠤ ᠠᠵᠤ ᠠᠬᠤᠢ ᠪᠠ ᠮᠥᠩᠭᠦᠨ ᠭᠦᠢᠯᠭᠡᠭᠡᠨ ᠤ ᠦᠢᠯᠡᠰ ᠤᠨ ᠬᠠᠮᠲᠤᠪᠠᠷ ᠴᠡᠴᠡᠭᠯᠡᠨ | ᠬᠥᠭᠵᠢᠬᠦ ᠶᠢ ᠠᠬᠢᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ 2025 | ᠣᠨ ᠤ ︽ᠤᠶᠤᠨ ᠢ ᠠᠭᠤᠰᠤᠯᠴᠠᠭᠤᠯᠤᠨ ᠪᠡᠯᠡ ᠮᠥᠩᠭᠦ ᠬᠤᠷᠠᠮᠳᠤᠭᠤᠯᠵᠤ᠂ ᠬᠦᠴᠦᠨ ᠢ ᠲᠥᠪᠯᠡᠷᠡᠭᠦᠯᠦᠨ | ᠴᠢᠳᠠᠪᠤᠷᠢ ᠶᠢ ᠣᠯᠭᠤᠬᠤ︾ ᠵᠠᠰᠠᠭ ᠮᠦᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ | ᠬᠤᠷᠠᠯᠳᠤᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ᠂ ᠠᠵᠤ ᠠᠬᠤᠶᠢᠯᠠᠯ ᠣᠷᠣᠯᠴᠠᠵᠠᠢ᠃ | ᠬᠤᠷᠠᠯ ᠳᠡᠭᠡᠷ᠎ᠡ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠲᠣᠰ ᠲᠣᠰ ᠤᠨ | ᠣᠨᠴᠠᠯᠢᠭᠲᠤ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠪᠠᠨ ᠨᠠᠷᠢᠨ ᠲᠠᠨᠢᠯᠴᠠᠭᠤᠯᠵᠤ᠂ ᠠᠳᠠᠯᠢ | ᠪᠤᠰᠤ ᠠᠵᠤ ᠠᠬᠤᠶᠢᠯᠠᠯ ᠤᠨ ᠣᠯᠠᠨ ᠶᠠᠩᠵᠤ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠬᠠᠩᠭᠠᠪᠠ᠃ ᠬᠡᠰᠡᠭ | ᠠᠵᠤ ᠠᠬᠤᠶᠢᠯᠠᠯ ᠤᠨ ᠲᠥᠯᠥᠭᠡᠯᠡᠭᠴᠢ ᠪᠠᠰᠠ ᠥᠪᠡᠷ ᠤᠨ ᠬᠥᠭᠵᠢᠯᠲᠡ ᠶᠢᠨ ᠪᠠᠶᠢᠳᠠᠯ᠂ ᠪᠡᠯᠡ ᠲᠣᠬᠢᠷᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠤᠨ ᠲᠤᠬᠠᠢ ᠶᠠᠷᠢᠶ᠎ᠠ ᠲᠠᠯᠪᠢᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠵᠤ᠂ ᠨᠡᠶᠢᠲᠡ 8 | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠰᠢᠶᠠᠨ ᠤ ᠬᠠᠷᠢᠶᠠᠳᠦ 64 ᠠᠵᠤ ᠠᠬᠤᠶᠢᠯᠠᠯ ᠵᠢᠭᠡᠯᠡᠯᠭᠡ ᠶᠢᠨ | ᠰᠠᠨᠠᠮᠵᠢ ᠶᠢᠨ ᠬᠡᠯᠡᠯᠴᠡᠭᠡᠷ ᠲᠣᠭᠲᠠᠵᠤ᠂ ᠵᠢᠭᠡᠯᠡᠯᠭᠡ ᠶᠢᠨ ᠵᠣᠭᠤᠰ ᠤᠨ ᠲᠤᠭ᠎ᠠ ᠨᠢ 20 ᠳ᠋ᠦᠩᠰᠢᠭᠤᠷ | ᠲᠥᠭᠦᠷᠢᠭ ᠲᠤ ᠭᠦᠷᠦᠭᠰᠡᠨ ᠪᠠᠶᠢᠨ᠎ᠠ᠃ ᠲᠤᠰ ᠤᠳᠠᠭ᠎ᠠ ᠶᠢᠨ ᠬᠤᠷᠠᠯ ᠨᠢ ᠵᠠᠰᠠᠭ ᠤᠨ ᠣᠷᠳᠣᠨ ᠤ ᠡᠨᠡᠬᠦ | ᠬᠥᠭᠦᠷᠭᠡ ᠪᠠᠷ ᠳᠠᠮᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ | ᠬᠤᠭᠤᠷᠣᠨᠳᠣᠬᠢ ᠨᠡᠪᠲᠡᠷᠡᠯᠴᠡᠬᠦ ᠲᠠᠪᠴᠠᠩ ᠢ ᠪᠠᠶᠢᠭᠤᠯᠵᠤ᠂ ᠭᠤᠷᠪᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠣᠯᠣᠯᠴᠠᠭ᠎ᠠ ᠪᠠᠨ ᠤᠯᠠᠮ ᠴᠢᠨᠠᠭᠰᠢᠳᠠ | ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠪᠦᠲᠦᠮᠵᠢᠲᠡᠢ ᠠᠬᠢᠭᠤᠯᠵᠠᠢ᠃ | | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡ ᠪᠣᠯᠣᠨ ᠪᠣᠳᠠᠲᠤ ᠴᠣᠭᠴᠠ ᠶᠢᠨ ᠠᠵᠤ ᠠᠬᠤᠢ ᠬᠠᠮᠲᠤᠪᠠᠷ | ᠠᠭᠤᠰᠤᠯᠴᠠᠭᠰᠠᠨ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠪᠠᠶᠢᠷᠢᠰᠢᠯ ᠢ ᠬᠠᠮᠲᠤᠪᠠᠷ ᠪᠠᠶᠢᠭᠤᠯᠵᠤ᠂ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠬᠦᠴᠦᠨ ᠢ ᠠᠰᠢᠭᠯᠠᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠨᠡᠩ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠠᠶᠠᠨ ᠵᠠᠮ ᠳᠤ ᠣᠷᠣᠬᠤ ᠶᠢ ᠠᠬᠢᠭᠤᠯᠬᠤ ᠪᠣᠯᠣᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |