ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ ᠪᠠᠶᠢᠳᠠᠯ ᠤᠨ ᠲᠤᠬᠠᠢ 3 ᠳ᠋ᠤᠭᠠᠷ ᠰᠠᠷ᠎ᠠ ᠶᠢᠨ ᠲᠤᠭ᠎ᠠ ᠪᠠᠷᠢᠮᠲᠠ ᠶᠢ ᠨᠡᠶᠢᠳᠡᠯᠡᠪᠡ︕
ᠨᠡᠶᠢᠲᠡᠯᠡᠭᠰᠡᠨ ᠴᠠᠭ᠄
2025/4/18
      4 ᠳ᠋ᠤᠭᠡᠷ ᠰᠠᠷ᠎ᠠ ᠶᠢᠨ 16 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2025 ᠣᠨ ᠤ 3 ᠳ᠋ᠤᠭᠠᠷ ᠰᠠᠷ᠎ᠠ ᠳᠤ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠬᠥᠭᠵᠢᠶᠡᠨᠲᠡᠢ ᠪᠣᠯᠵᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ  ᠬᠢ ᠠᠴᠠ ᠪᠠᠨ ᠥᠰᠦᠭᠰᠡᠨ ᠬᠤᠲᠠ ᠶᠢᠨ ᠲᠤᠭ᠎ᠠ ᠨᠡᠮᠡᠭᠳᠡᠪᠡ︔ ᠨᠢᠭᠡᠳᠦᠭᠡᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠴᠦ᠂ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠶᠡᠷᠦᠩᠬᠡᠢ ᠳᠡᠭᠡᠨ ᠪᠠᠭᠤᠷᠠᠭᠰᠠᠨ ᠬᠡᠮᠵᠢᠶ᠎ᠡ ᠪᠠᠭᠠᠰᠪᠠ︔ ᠡᠯ᠎ᠡ ᠲᠡᠰ ᠤᠨ ᠬᠤᠲᠠᠳ ᠤᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠴᠥᠮ ᠦᠷᠭᠦᠯᠵᠢᠯᠡᠨ ᠪᠠᠭᠠᠰᠴᠠᠢ᠃      ᠨᠢᠭᠡᠳᠦᠭᠡᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠴᠦ᠂ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠶᠡᠷᠦᠩᠬᠡᠢ ᠳᠡᠭᠡᠨ ᠪᠠᠭᠤᠷᠠᠭᠰᠠᠨ ᠬᠡᠮᠵᠢᠶ᠎ᠡ ᠪᠠᠭᠠᠰᠪᠠ      3 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠲᠠᠢ ᠠᠳᠠᠯᠢ᠃ ᠡᠭᠦᠨ ᠳᠤ᠂ ᠱᠠᠩᠬᠠᠢ ᠪᠣᠯᠣᠨ ᠱᠧᠨᠵᠧᠨ ᠲᠣᠰ ᠲᠣᠰ 0.7% ᠪᠠ 0.1% ᠪᠠᠷ ᠥᠰᠴᠦ᠂ ᠪᠡᠭᠡᠵᠢᠩ ᠪᠣᠯᠣᠨ ᠭᠤᠸᠠᠩᠵᠸᠦ ᠲᠣᠰ ᠲᠣᠰ 0.2% ᠪᠠ 0.1% ᠪᠠᠷ ᠪᠠᠭᠤᠷᠠᠪᠠ᠃ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠳᠤ 0.1% ᠪᠠᠷ ᠪᠠᠭᠤᠷᠠᠵᠤ ᠪᠠᠶᠢᠭᠰᠠᠨ ᠠᠴᠠ ᠪᠠᠨ 0.2%  ᠢᠶᠠᠷ ᠥᠰᠴᠡᠢ᠃ ᠡᠭᠦᠨ ᠳᠤ᠂ ᠪᠡᠭᠡᠵᠢᠩ᠂ ᠱᠠᠩᠬᠠᠢ᠂ ᠱᠧᠨᠵᠧᠨ ᠲᠣᠰ ᠲᠣᠰ 0.5%᠂ 0.4% ᠪᠠ 0.3%  ᠪᠠᠷ ᠥᠰᠴᠦ᠂ ᠭᠤᠸᠠᠩᠵᠸᠦ 0.2% ᠢᠶᠠᠷ ᠪᠠᠭᠤᠷᠠᠪᠠ᠃      3 ᠳ᠋ᠤᠭᠠᠷ ᠰᠠᠷ᠎ᠠ ᠳᠤ᠂ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠲᠠᠢ ᠠᠳᠠᠯᠢ︔ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠪᠠᠭᠠᠰᠴᠠᠢ ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 0.1 ᠵᠠᠭᠤᠨ ᠤ ᠨᠢᠭᠡᠴᠢ ᠪᠠᠭᠠᠰᠪᠠ︔ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ 0.3% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 0.1 ᠵᠠᠭᠤᠨ ᠤ ᠨᠢᠭᠡᠴᠢ ᠪᠠᠭᠠᠰᠪᠠ᠃       3 ᠳ᠋ᠤᠭᠠᠷ ᠰᠠᠷ᠎ᠠ ᠳᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ ᠥᠰᠦᠭᠰᠡᠨ ᠬᠤᠲᠠ 24 ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 6 ᠨᠡᠮᠡᠭᠳᠡᠵᠡᠢ︔ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠨ  ᠦᠰᠦᠭᠰᠡᠨ ᠬᠤᠳᠠ 10 ᠪᠠᠶᠢᠵᠦ᠂ ᠲᠦᠷᠦᠭᠦᠸ ᠰᠠᠷ᠎ᠠ ᠶᠢᠨ ᠬᠢ ᠠᠴᠠ 7 ᠨᠡᠮᠡᠭᠳᠡᠵᠡᠢ᠃      ᠡᠯ᠎ᠡ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠶᠢᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠴᠥᠮ ᠦᠷᠭᠦᠯᠵᠢᠯᠡᠨ ᠪᠠᠭᠠᠰᠪᠠ       3 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠪᠠᠭᠠᠰᠴᠠᠢ ᠃ ᠡᠭᠦᠨ ᠤ ᠳᠣᠲᠣᠷ᠎ᠠ ᠱᠠᠩᠬᠠᠢ 5.7% ᠪᠠᠷ ᠥᠰᠴᠦ᠂ ᠪᠡᠭᠡᠵᠢᠩ᠂ ᠭᠤᠸᠠᠩᠵᠸᠦ ᠪᠣᠯᠣᠨ ᠱᠧᠨᠵᠧᠨ ᠲᠤᠰ ᠲᠤᠰ 5.7% ᠂ 7.2% ᠪᠣᠯᠣᠨ 3.9% ᠪᠠᠷ ᠪᠠᠭᠤᠷᠠᠵᠠᠢ᠃ ᠨᠢᠭᠡᠳᠦᠭᠡᠷ ᠲᠡᠰ ᠤᠨ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ 4.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 0.8 ᠵᠠᠭᠤᠨ ᠤ ᠨᠢᠭᠡᠴᠢ ᠪᠠᠭᠠᠰᠴᠠᠢ᠂ ᠡᠭᠦᠨ ᠳᠤ ᠪᠡᠭᠡᠵᠢᠩ᠂ ᠱᠠᠩᠬᠠᠢ ᠂ ᠭᠤᠸᠠᠩᠵᠸᠦ ᠪᠠ ᠱᠧᠨᠵᠧᠨ ᠲᠣᠰ ᠲᠣᠰ 2.1%᠂ 1.4%᠂ 8.7% ᠪᠠ 4.1% ᠪᠠᠷ ᠪᠠᠭᠤᠷᠠᠵᠠᠢ᠃       3 ᠳ᠋ᠤᠭᠠᠷ ᠰᠠᠷ᠎ᠠ ᠳᠤ᠂ ᠬᠤᠶᠠᠳᠤᠭᠠᠷ ᠳᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 4.4% ᠪᠠ 7.0% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ ᠲᠣᠰ ᠲᠣᠰ 0.3 ᠪᠠ 0.4 ᠵᠠᠭᠤᠨ ᠤ ᠨᠢᠭᠡᠴᠢ ᠪᠠᠭᠠᠰᠴᠠᠢ᠃ ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠪᠠ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.7% ᠪᠠ 7.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ ᠳᠤᠮᠳᠠᠴᠢ ᠪᠠᠷ 0.2 ᠵᠠᠭᠤᠨ ᠤ ᠨᠢᠭᠡᠴᠢ ᠪᠠᠭᠠᠰᠴᠠᠢ᠃ ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1