30 ᠭᠠᠷᠤᠢ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠲᠦᠷᠢᠶᠡᠰᠦᠯᠡᠨ ᠰᠠᠭᠤᠪᠠᠯ 3000 | ᠭᠠᠷᠤᠢ ᠲᠡᠭᠰᠢ ᠳᠥᠷᠪᠡᠯᠵᠢᠨ ᠮᠧᠲᠷ ᠤᠨ ᠣᠯᠠᠨ ᠨᠡᠶᠢᠲᠡ ᠶᠢᠨ ᠣᠷᠣᠨ ᠵᠠᠢ ᠶᠢ ᠡᠳ᠋ᠯᠡᠵᠦ ᠪᠣᠯᠣᠨ᠎ᠠ᠂ ᠡᠷᠬᠢᠨ | ᠲᠣᠭᠤᠷᠢᠨ ᠤ ᠣᠷᠴᠢᠨ ᠲᠣᠭᠤᠷᠢᠨ ᠨᠢ ᠨᠢᠭᠡ ᠯᠡ ᠥᠷᠲᠡᠭᠡᠨ ᠤ ᠮᠠᠶ᠋ᠢᠭ ᠤᠨ ᠣᠷᠣᠰᠢᠨ ᠰᠠᠭᠤᠬᠤ᠂ | ᠬᠤᠳᠠᠯᠳᠤᠭᠠᠨ ᠤ ᠶᠠᠪᠤᠳᠠᠯ ᠠᠯᠪᠠᠯᠠᠬᠤ᠂ ᠰᠡᠯᠡᠭᠦᠴᠡᠨ ᠵᠤᠭᠠᠯᠠᠬᠤ ᠵᠡᠷᠭᠡ ᠬᠡᠷᠡᠭᠴᠡᠭᠡ ᠶᠢ ᠬᠠᠩᠭᠠᠵᠤ ᠪᠣᠯᠣᠨ᠎ᠠ ᠁ | ᠴᠧᠩᠳᠦ᠋ ᠶᠢᠨ ᠨᠢᠭᠡᠨ ᠤᠷᠤᠨ ᠰᠠᠭᠤᠴᠠ ᠶᠢᠨ ᠲᠤᠭᠤᠷᠢᠭ ᠨᠢ ᠵᠠᠬ᠎ᠠ ᠳᠡᠯᠭᠡᠭᠦᠷ ᠲᠤ ᠣᠷᠣᠭᠠᠳ ᠳᠡᠮᠡᠢ ᠤᠳᠠᠭᠰᠠᠨ | ᠦᠭᠡᠢ 1423 ᠢᠵᠢ ︵ᠥᠷᠥᠭᠡ︶ ᠭᠡᠷ ᠪᠠᠶᠢᠰᠢᠩ ᠢ ᠪᠦᠬᠦᠨ ᠢ ᠲᠦᠷᠢᠶᠡᠰᠦᠯᠡᠵᠦ᠂ 30 ᠨᠠᠰᠤᠨ ᠠᠴᠠ | ᠳᠣᠷᠣᠭᠰᠢᠬᠢ ᠬᠥᠮᠥᠰ ᠤᠨ ᠡᠵᠡᠯᠡᠬᠦ ᠬᠠᠷᠢᠴᠠᠯ 80% ᠶᠢ ᠳᠠᠪᠠᠭᠰᠠᠨ ᠪᠠᠶᠢᠨ᠎ᠠ᠃ ᠴᠧᠩᠳᠦ᠋ ᠬᠤᠳᠠ ᠶᠢᠨ | ᠲᠣᠭᠲᠠᠭᠤᠨ ᠢᠶᠠᠷ ᠠᠬᠢᠭᠤᠯᠵᠤ ᠪᠠᠶᠢᠭ᠎ᠠ TOD ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ | ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠥᠨᠳᠥᠷ ᠶᠠᠰᠤ ᠴᠢᠨᠠᠷ ᠲᠠᠢ ᠲᠦᠷᠢᠶᠡᠰᠦᠨ ᠣᠷᠣᠨ ᠰᠠᠭᠤᠴᠠ ᠶᠢᠨ | ᠬᠡᠷᠡᠭᠴᠡᠭᠡ ᠶᠢ ᠬᠦᠴᠦᠲᠡᠢ ᠬᠠᠩᠭᠠᠵᠤ᠂ ᠰᠢᠯᠵᠢᠯᠲᠡ ᠶᠢᠨ ᠴᠢᠨᠠᠷᠲᠠᠢ ᠣᠷᠣᠨ ᠰᠠᠭᠤᠴᠠ ᠶᠢᠨ ᠳᠤᠮᠳᠠᠬᠢ ︽ᠰᠠᠶᠢᠨ | ᠭᠡᠷ ᠪᠠᠶᠢᠰᠢᠩ︾ ᠤᠨ ᠵᠥᠪ ᠴᠢᠭᠯᠡᠯ ᠤᠨ ᠵᠢᠱᠢᠶ᠎ᠡ ᠪᠣᠯᠤᠭᠰᠠᠨ ᠪᠠᠶᠢᠨ᠎ᠠ᠃ | ᠡᠨᠡ ᠵᠢᠯ᠂ ︽ᠰᠠᠶᠢᠨ ᠭᠡᠷ ᠪᠠᠶᠢᠰᠢᠩ︾ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠵᠦ | ᠣᠷᠣᠭᠤᠯᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ | ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ | ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠭᠡᠵᠦ ᠲᠤᠷᠠᠳᠤᠨ ᠭᠠᠷᠭᠠᠭᠰᠠᠨ ᠨᠢ ᠨᠡᠶᠢᠭᠡᠮ ᠨᠡᠶᠢᠲᠡ ᠶᠢᠨ ᠠᠩᠬᠠᠷᠤᠯ ᠢ | ᠲᠠᠲᠠᠪᠠ᠃ | ᠣᠶᠢᠯᠠᠭᠠᠭᠰᠠᠨ ᠢᠶᠠᠷ᠂ ᠴᠧᠩᠳᠦ᠋ ᠳᠤ ︽ᠰᠠᠶᠢᠨ ᠭᠡᠷ ᠪᠠᠶᠢᠰᠢᠩ︾ ᠤᠨ ᠲᠥᠷᠥᠯ ᠵᠦᠢᠯ ᠨᠢᠭᠡᠨᠲᠡ ᠪᠦᠬᠦᠨ ᠢ | ᠬᠠᠮᠦᠷᠠᠬᠤ ᠬᠠᠨᠳᠤᠰᠢ ᠲᠠᠢ ᠪᠣᠯᠵᠠᠢ᠃ 2024 ᠣᠨ ᠤ 8 ᠳ᠋ᠤᠭᠠᠷ ᠰᠠᠷ᠎ᠠ ᠳᠤ᠂ ︽ᠴᠧᠩᠳᠦ᠋ ᠬᠤᠲᠠ ᠶᠢᠨ | ᠬᠤᠲᠠ ᠶᠢᠨ ᠲᠥᠯᠦᠪᠵᠢᠭᠦᠯᠭᠡ ᠬᠠᠮᠢᠶᠠᠷᠤᠯᠲᠠ ᠶᠢᠨ ᠮᠡᠷᠭᠡᠵᠢᠯ ᠤᠨ ᠲᠣᠭᠲᠠᠭᠠᠯ ︵2024 ᠬᠡᠪᠯᠡᠯ︶︾ ᠢ | ᠨᠡᠶᠢᠲᠡᠯᠡᠵᠦ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠲᠥᠷᠥ ᠶᠢᠨ ᠪᠣᠳᠣᠯᠭ᠎ᠠ ᠶᠢᠨ | ᠦᠨᠳᠦᠰᠦᠯᠡᠯ ᠬᠠᠩᠭᠠᠭᠰᠠᠨ ᠪᠠᠶᠢᠨ᠎ᠠ᠃ ᠨᠢᠭᠡᠨ ᠤᠯᠤᠰ ᠤᠨ ᠦᠮᠴᠢᠯᠡᠯᠳᠦ ᠣᠷᠣᠨ ᠰᠠᠭᠤᠴᠠ ᠶᠢᠨ ᠠᠵᠤ | ᠠᠬᠤᠶᠢᠯᠠᠯ ᠤᠨ ᠴᠧᠩᠳᠦ᠋ ᠣᠷᠣᠨ ᠤ ᠬᠠᠷᠢᠭᠤᠴᠠᠯᠭᠠᠲᠠᠨ ᠤ ᠬᠡᠯᠡᠬᠦ ᠪᠠᠷ᠂ ᠰᠢᠨ᠎ᠡ ᠲᠣᠭᠲᠠᠭᠠᠯ ᠢ ᠬᠡᠷᠡᠭᠵᠢᠭᠦᠯᠦᠭᠰᠡᠨ ᠤ | ᠳᠠᠷᠠᠭ᠎ᠠ᠂ ᠬᠦᠷᠭᠡᠵᠦ ᠪᠡᠯᠡᠭᠯᠡᠭᠰᠡᠨ ᠬᠤᠭᠤᠰᠤᠨ ᠭᠠᠵᠠᠷ᠂ ᠨᠠᠷᠠᠪᠴᠢ᠂ ᠴᠡᠴᠡᠷᠯᠢᠭ ᠵᠡᠷᠭᠡ ᠶᠢᠨ ᠲᠠᠯᠠᠪᠠᠶ ᠨᠢ ᠴᠥᠮ | ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠪᠠᠶᠢᠵᠤ᠂ ᠵᠢᠷᠤᠵᠤ ᠲᠦᠯᠦᠪᠯᠡᠨ ᠲᠦᠯᠦᠪᠵᠢᠭᠦᠯᠬᠦ ᠪᠠ | ᠪᠠᠭᠲᠠᠭᠠᠮᠵᠢ ᠶᠢ ᠪᠤᠳᠤᠬᠤ ᠲᠠᠯᠠᠪᠠᠶ ᠶᠢ ᠨᠠᠩ ᠰᠠᠶᠢᠨ ᠠᠭᠤᠰᠤᠯᠴᠠᠭᠤᠯᠤᠨ ᠨᠢᠭᠡ ᠴᠣᠭᠴᠠ ᠪᠣᠯᠭᠠᠵᠤ᠂ ᠣᠷᠣᠰᠢᠨ | ᠰᠠᠭᠤᠬᠤ ᠶᠢᠨ ᠲᠠᠭᠠᠯᠠᠮᠵᠢᠲᠠᠢ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠢᠳᠡᠪᠬᠢᠲᠡᠢ | ᠪᠤᠯᠵᠠᠢ ᠭᠡᠵᠡᠢ᠃ | ᠴᠧᠩᠳᠦ᠋ ᠬᠤᠳᠠ ᠶᠢᠨ ᠲᠢᠶᠠᠨ ᠹᠦ᠋ ᠰᠢᠨ᠎ᠡ ᠲᠣᠭᠤᠷᠢᠭ ᠤᠨ ᠨᠢᠭᠡᠨ ︽ᠰᠠᠶᠢᠨ ᠭᠡᠷ ᠪᠠᠶᠢᠰᠢᠩ︾ ᠤᠨ | ᠲᠦᠷᠦᠯ ᠵᠦᠢᠯ ᠪᠣᠯ ᠴᠧᠩᠳᠦ᠋ ᠶᠢᠨ ᠰᠢᠨ᠎ᠡ ᠲᠣᠭᠲᠠᠭᠠᠯ ᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠠᠭᠴᠢ ᠲᠦᠷᠦᠯ | ᠵᠦᠢᠯ ᠪᠣᠯᠣᠨ᠎ᠠ᠃ ᠲᠣᠰ ᠣᠷᠣᠨ ᠰᠠᠭᠤᠴᠠ ᠶᠢᠨ ᠲᠥᠷᠥᠯ ᠵᠦᠢᠯ ᠨᠢ ᠥᠨᠳᠥᠷ ᠳᠠᠪᠬᠤᠷᠭᠠᠲᠤ ᠣᠷᠣᠨ ᠰᠠᠭᠤᠴᠠ᠂ | ᠵᠤᠰᠠᠯᠠᠩ ᠵᠢᠴᠢ ᠬᠤᠳᠠᠯᠳᠤᠭᠠᠨ ᠤ ᠠᠰᠠᠷ ᠢᠶᠠᠷ ᠪᠦᠷᠢᠯᠳᠦᠵᠡᠢ᠃ ᠢᠯᠠᠩᠭᠤᠶ᠎ᠠ ᠥᠨᠳᠥᠷ ᠳᠠᠪᠬᠤᠷᠭᠠᠲᠤ ᠣᠷᠣᠨ | ᠰᠠᠭᠤᠴᠠ ᠶᠢᠨ ᠲᠠᠪᠬᠤᠷᠯᠢᠭ ᠤᠨ ᠦᠨᠳᠦᠷ ᠨᠢ 3.4 ᠮᠧᠲᠷ᠂ 40 ᠲᠡᠭᠰᠢ ᠳᠥᠷᠪᠡᠯᠵᠢᠨ ᠮᠧᠲᠷ ᠤᠨ ᠠᠮᠢ | ᠠᠬᠤᠢ ᠶᠢᠨ ᠨᠠᠷᠠᠪᠴᠢ ᠲᠠᠢ ᠪᠠᠶᠢᠵᠦ᠂ ᠴᠧᠩᠳᠦ᠋ ᠶᠢᠨ ᠬᠤᠲᠠ ᠶᠢᠨ ᠠᠷᠠᠳ ᠤᠨ ᠠᠩᠬᠠᠷᠤᠯ ᠢ ᠥᠷᠭᠡᠨ ᠢᠶᠠᠷ ᠲᠠᠲᠠᠵᠤ | ᠪᠠᠶᠢᠨ᠎ᠠ᠃ ᠨᠡᠶᠢᠲᠡ 4 ᠲᠠᠪᠬᠤᠷᠯᠢᠭ ᠤᠨ ᠥᠮᠴᠢᠲᠡᠨ ᠤ ᠴᠤᠭᠯᠠᠭᠠᠨ ᠤ ᠭᠠᠵᠠᠷ᠂ ᠪᠡᠶ᠎ᠡ ᠴᠢᠭᠢᠷᠠᠭᠵᠢᠭᠤᠯᠬᠤ ᠭᠠᠵᠠᠷ᠂ | ᠤᠮᠪᠠᠯᠲᠠ ᠶᠢᠨ ᠭᠠᠵᠠᠷ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠷᠢᠳᠦᠭᠦᠯᠪᠡ᠃ ᠲᠤᠬᠠᠢ ᠶᠢᠨ ᠲᠠᠯᠠᠪᠠᠶ | ᠶᠢᠨ ᠪᠣᠷᠤᠯᠠᠭᠤᠯᠭ᠎ᠠ ᠶᠢᠨ ᠠᠵᠢᠯᠲᠠᠨ ᠤ ᠬᠡᠯᠡᠬᠦ ᠪᠠᠷ᠂ ᠨᠡᠶᠢᠲᠡ 300 ᠭᠠᠷᠤᠢ ᠢᠵᠢ ᠭᠡᠷ ᠪᠠᠶᠢᠰᠢᠩ ᠤᠨ ᠢᠷᠡᠯᠲᠡ | ᠲᠠᠢ ᠪᠣᠯᠬᠤᠷ ᠡᠳᠦᠷ ᠪᠦᠷᠢ ᠶᠢᠨ ᠭᠡᠷ ᠦᠵᠡᠬᠦ ᠪᠣᠯᠵᠤᠭ᠎ᠠ ᠮᠠᠰᠢ ᠬᠥᠭᠵᠢᠶᠡᠨ ᠲᠠᠢ ᠪᠠᠶᠢᠨ᠎ᠠ᠃ | ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ︽ᠰᠠᠶᠢᠨ ᠭᠡᠷ ᠪᠠᠶᠢᠰᠢᠩ︾ ᠢ ᠪᠤᠳᠠᠳᠠᠶᠢᠵᠢᠭᠤᠯᠬᠤ | ᠴᠢᠭᠯᠡᠯ ᠢ ᠲᠣᠳᠣᠷᠬᠠᠢ ᠲᠣᠭᠲᠠᠭᠠᠵᠤ᠂ ᠢᠯᠠᠩᠭᠤᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠢᠨᠵᠧᠨᠧᠷᠢᠩ ᠢ ᠲᠦᠷᠦᠭᠦᠯᠡᠨ ᠬᠡᠷᠡᠭᠵᠢᠭᠦᠯᠬᠦ ᠬᠡᠷᠡᠭᠲᠡᠢ᠃ ᠬᠤᠳᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ | ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ | ᠥᠭᠡᠷᠡᠴᠢᠯᠡᠬᠦ ᠬᠡᠷᠡᠭᠳᠡᠢ ᠭᠡᠵᠦ ᠳᠤᠷᠠᠳᠤᠭᠰᠠᠨ ᠪᠠᠶᠢᠨ᠎ᠠ᠃ | ᠴᠧᠩᠳᠦ᠋ ᠬᠤᠲᠠ ᠶᠢᠨ ᠰᠧ ᠮᠠ ᠴᠢᠶᠣᠤ ᠵᠡᠭᠡᠯᠢ ᠭᠤᠳᠤᠮᠵᠢ ᠶᠢᠨ ᠠᠵᠢᠯᠴᠢᠨ ᠤ ᠲᠣᠰᠬᠤᠨ ᠤ ᠨᠡᠶᠢᠭᠡᠮ | ᠲᠣᠭᠤᠷᠢᠭ ᠢ 20 ᠳ᠋ᠤᠭᠠᠷ ᠵᠠᠭᠤᠨ ᠤ ᠲᠠᠪᠢᠭᠠᠳ ᠣᠨ ᠳᠤ ᠡᠬᠢᠯᠡᠨ ᠪᠠᠶᠢᠭᠤᠯᠵᠤ᠂ 9 ᠰᠠᠭᠤᠷᠢ ᠣᠷᠣᠨ | ᠰᠠᠭᠤᠴᠠ ᠶᠢᠨ ᠠᠰᠠᠷ ᠲᠠᠢ᠂ ᠳᠤᠮᠳᠠᠴᠢ ᠲᠠᠯᠠᠪᠠᠶ ᠨᠢ 18 ~ 30 ᠲᠡᠭᠰᠢ ᠳᠥᠷᠪᠡᠯᠵᠢᠨ ᠮᠧᠲᠷ ᠲᠤ ᠲᠥᠪᠯᠡᠷᠡᠵᠦ᠂ | ᠴᠥᠮ D ᠲᠠᠰ ᠤᠨ ᠨᠤᠷᠠᠬᠤ ᠠᠶᠤᠯᠲᠠᠢ ᠭᠡᠷ ᠪᠠᠶᠢᠰᠢᠩ᠂ ᠭᠠᠯ ᠲᠣᠭᠤᠭᠠᠨ ᠤ ᠡᠷᠡᠭᠦᠯ ᠬᠠᠮᠠᠭᠠᠯᠠᠯ ᠨᠢ ᠢᠵᠢ | ᠪᠦᠷᠢᠨ ᠪᠢᠰᠢ᠂ ᠪᠠᠶᠢᠭᠠᠯᠢ ᠶᠢᠨ ᠰᠢᠲᠠᠮᠠᠬᠠᠢ ᠬᠡᠢ ᠦᠭᠡᠢ᠂ ᠠᠮᠤᠷ ᠲᠦᠪᠰᠢᠨ ᠤ ᠳᠠᠯᠳᠠ ᠬᠡᠮ ᠶᠡᠭᠡ ᠵᠡᠷᠭᠡ ᠣᠯᠠᠨ | ᠠᠰᠠᠭᠤᠳᠠᠯ ᠣᠷᠣᠰᠢᠵᠤ ᠪᠠᠶᠢᠵᠠᠢ᠃ 2022 ᠣᠨ ᠤ 3 ᠳ᠋ᠤᠭᠠᠷ ᠰᠠᠷ᠎ᠠ ᠳᠤ᠂ ᠲᠣᠰ ᠲᠣᠭᠤᠷᠢᠭ ᠤᠨ ᠬᠤᠲᠠ ᠶᠢᠨ | ᠰᠢᠨᠡᠴᠢᠯᠡᠯᠲᠡ ᠶᠢᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠵᠦ᠂ ᠭᠡᠷ ᠪᠠᠶᠢᠰᠢᠩ ᠢ ᠤᠤᠯ ᠭᠠᠵᠠᠷ ᠲᠤᠨᠢ | ᠨᠤᠷᠠᠭᠠᠵᠦ ᠤᠤᠯ ᠭᠠᠵᠠᠷ ᠲᠤᠨᠢ ᠪᠠᠶᠢᠭᠤᠯᠬᠤ ᠲᠥᠯᠦᠪᠵᠢᠭᠦᠯᠭᠡ ᠶᠢ ᠲᠤᠭᠳᠠᠭᠠᠵᠤ᠂ ᠢᠯᠠᠩᠭᠤᠶ᠎ᠠ ᠣᠶᠤᠨᠴᠢᠯᠠᠭᠰᠠᠨ᠂ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ ᠣᠶᠤᠨᠴᠢ ᠵᠠᠰᠠᠯᠲᠠ ᠶᠢᠨ ᠲᠥᠪ ᠪᠠᠶᠢᠭᠤᠯᠬᠤ ᠶᠢ | ᠴᠢᠬᠤᠯᠠᠴᠢᠯᠠᠵᠤ᠂ ᠬᠢᠨᠠᠨ ᠡᠵᠡᠮᠳᠡᠬᠦ ᠺᠠᠮᠧᠷᠠ᠂ ᠬᠥᠮᠥᠨ ᠤ ᠵᠢᠰᠦ ᠪᠠᠷ ᠢᠯᠭᠠᠨ ᠲᠠᠨᠢᠬᠤ ᠡᠭᠦᠳᠡᠨ ᠬᠤᠷᠢᠭ᠎ᠠ ᠵᠢᠴᠢ | 10 ᠭᠠᠷᠤᠢ ᠢᠵᠢ ᠣᠶᠤᠨᠲᠤ ᠲᠡᠷᠭᠡᠨ ᠵᠣᠭᠰᠣᠭᠠᠯ ᠤᠨ ᠬᠠᠭᠠᠯᠲᠠ ᠶᠢ ᠨᠡᠮᠡᠵᠦ ᠲᠣᠬᠢᠷᠠᠭᠤᠯᠪᠠ᠃ ᠬᠤᠶᠠᠷ ᠵᠢᠯ ᠤᠨ | ᠦᠭᠡᠷᠡᠴᠢᠯᠡᠯᠳᠡ ᠪᠠᠷ ᠲᠠᠮᠵᠢᠨ᠂ 400 ᠭᠠᠷᠤᠢ ᠡᠷᠦᠬᠡ ︽ᠪᠦᠳᠦᠭᠦᠯᠢᠭ ᠠᠰᠠᠷ︾ ᠲᠤ ᠰᠠᠭᠤᠵᠤ ᠪᠠᠶᠢᠭᠰᠠᠨ | ᠰᠠᠭᠤᠭᠠᠯᠢ ᠠᠷᠠᠳ ᠪᠡᠶ᠎ᠡ ᠪᠠᠨ ᠳᠠᠭᠠᠭᠠᠭᠰᠠᠨ ᠲᠣᠭᠤᠭᠠᠨ ᠭᠡᠷ ᠲᠠᠢ ᠠᠰᠠᠷ ᠲᠤ ᠰᠠᠭᠤᠵᠠᠢ᠃ | ᠨᠢᠳᠤᠨᠤᠨ ᠠᠴᠠ ᠡᠬᠢᠯᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠡᠭᠦᠷᠭᠡ ᠪᠣᠯᠭᠠᠨ ᠡᠯ᠎ᠡ | ᠵᠦᠢᠯ ᠤᠨ ᠠᠵᠢᠯ ᠢᠶᠠᠨ ᠲᠦᠯᠬᠢᠨ ᠠᠬᠢᠭᠤᠯᠪᠠ᠃ ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ ︽ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠵᠦᠭᠯᠡᠭᠦᠷ︾ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ︽ᠣᠷᠣᠨ ᠰᠠᠭᠤᠴᠠ ᠶᠢᠨ ᠲᠦᠷᠦᠯ ᠵᠦᠢᠯ ᠤᠨ | ᠵᠢᠷᠤᠮᠵᠢᠯ︾ ᠳᠤ ᠵᠠᠰᠠᠪᠤᠷᠢ ᠣᠷᠣᠭᠤᠯᠵᠤ ᠪᠠᠶᠢᠨ᠎ᠠ᠃ ᠪᠥᠬᠦ ᠤᠯᠤᠰ ᠤᠨ 15 ᠮᠤᠵᠢ ᠣᠷᠣᠨ ᠨᠢᠭᠡᠨᠲᠡ ︽ᠰᠠᠶᠢᠨ | ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠢᠯᠡ ᠪᠠᠷ ᠨᠡᠶᠢᠲᠡᠯᠡᠵᠦ᠂ ᠬᠡᠳᠦᠨ | ᠠᠷᠪᠠᠨ ᠬᠤᠲᠠ ᠤᠤᠯ ᠤᠨ ᠬᠤᠲᠠ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠣᠭᠲᠠᠭᠠᠯ ᠳᠤ | ᠲᠣᠬᠢᠷᠠᠭᠤᠯᠤᠯᠲᠠ ᠬᠢᠪᠡ᠃ | ᠬᠠᠩᠵᠧᠦ ᠬᠤᠲᠠ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠣᠷᠣᠨ ᠰᠠᠭᠤᠴᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠠᠵᠢᠯ ᠢ ᠤᠯᠠᠮ ᠨᠢᠭᠡ ᠠᠯᠬᠤᠮ ᠥᠷᠨᠢᠭᠦᠯᠦᠭᠰᠡᠨ ᠰᠠᠭᠤᠷᠢᠨ ᠳᠡᠭᠡᠷ᠎ᠡ᠂ ᠢᠵᠢ | ᠪᠦᠷᠢᠳᠦᠭᠦᠯᠦᠨ ᠲᠣᠭᠲᠠᠭᠠᠭᠰᠠᠨ ︽ᠬᠠᠩᠵᠧᠦ ᠬᠤᠲᠠ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠵᠢᠷᠤᠭ ᠲᠥᠯᠥᠪᠯᠡᠭᠡ ᠶᠢᠨ ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ᠢ 4 ᠳ᠋ᠤᠭᠡᠷ ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠠᠷᠢᠯᠢᠭᠵᠢᠭᠤᠯᠤᠭᠰᠠᠨ ᠪᠠᠷᠢᠮᠵᠢᠶ᠎ᠠ ᠪᠠᠷ ᠳᠠᠮᠵᠢᠭᠤᠯᠤᠨ ︽ᠴᠢᠨᠠᠷ | ᠰᠠᠶᠢᠲᠠᠢ ᠣᠷᠣᠨ ᠰᠠᠭᠤᠴᠠ︾ ᠶᠢ ᠨᠠᠩ ᠪᠣᠳᠠᠲᠠᠢ ᠪᠥᠭᠡᠳ ᠬᠡᠷᠡᠭᠵᠢᠭᠦᠯᠵᠦ ᠪᠣᠯᠬᠤᠶᠢᠴᠠ ᠪᠣᠯᠭᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠸᠠᠩ ᠷᠦᠢ ᠮᠢᠨ ᠤ | ᠦᠵᠡᠬᠦ ᠪᠠᠷ᠂ ᠣᠷᠣᠨ ᠰᠠᠭᠤᠴᠠ ᠨᠢ ᠵᠥᠪᠬᠡᠨ ᠣᠷᠣᠨ ᠰᠠᠭᠤᠴᠠ ᠶᠢᠨ ᠣᠷᠣᠨ ᠵᠠᠢ ᠲᠡᠳᠦᠢ ᠪᠢᠰᠢ᠂ ᠬᠠᠷᠢᠨ ︽ | ᠭᠡᠷ ᠪᠦᠯᠢ ᠶᠢᠨ ᠣᠷᠣᠨ ᠵᠠᠢ︾᠂ ︽ᠲᠠᠭᠠᠯᠠᠮᠵᠢᠲᠠᠢ ᠭᠡᠷ ᠪᠦᠯᠢ︾ ᠪᠠᠶᠢᠵᠤ᠂ ᠬᠥᠮᠥᠰ ᠤᠨ ᠰᠠᠶᠢᠨ ᠰᠠᠶᠢᠬᠠᠨ ᠭᠡᠷ | ᠪᠦᠯᠢ ᠶᠢᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠂ ᠬᠤᠳᠠᠯᠳᠤᠨ ᠠᠪᠬᠤ᠂ | ᠲᠦᠷᠢᠶᠡᠰᠦᠯᠡᠬᠦ ᠳᠤ ᠣᠷᠣᠨ ᠰᠠᠭᠤᠴᠠ ᠶᠢᠨ ᠪᠡᠶᠡᠴᠢᠯᠡᠨ ᠤᠶᠢᠯᠠᠭᠠᠯᠳᠠ ᠶᠢ ᠲᠡᠭᠡᠭᠰᠢᠯᠡᠭᠦᠯᠬᠦ ᠨᠢ ᠴᠥᠮ ᠬᠥᠮᠥᠰ ᠤᠨ | ᠰᠡᠳᠬᠢᠯ ᠤᠨ ᠬᠠᠨᠳᠤᠰᠢ ᠮᠥᠨ᠃ | ᠨᠡᠩ ᠤᠯᠠᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠬᠤᠳᠠ ᠬᠥᠳᠡᠭᠡ ᠳᠤ | ᠣᠷᠣᠭᠤᠯᠬᠤ ᠳᠤ ᠬᠡᠷᠬᠢᠨ ᠬᠦᠴᠦ ᠨᠡᠮᠡᠷᠢᠯᠡᠬᠦ ᠪᠤᠢ︖ ᠠᠵᠢᠯ ᠲᠥᠷᠥᠯ ᠤᠨ ᠳᠣᠲᠣᠷᠠᠬᠢ ᠲᠤᠰᠬᠠᠢ ᠮᠡᠷᠭᠡᠵᠢᠯᠲᠡᠨ | ᠰᠠᠨᠠᠭᠤᠯᠭ᠎ᠠ ᠭᠠᠷᠭᠠᠵᠤ᠂ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠪᠠᠲᠤᠯᠠᠭ᠎ᠠ ᠶᠢᠨ ᠣᠷᠣᠨ | ᠰᠠᠭᠤᠴᠠ ᠶᠢᠨ ᠬᠠᠩᠭᠠᠯᠭ᠎ᠠ ᠬᠢᠭᠡᠳ ᠣᠷᠣᠯᠭ᠎ᠠ ᠶᠢᠨ ᠬᠥᠳᠡᠯᠦᠩᠭᠦᠢ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠬᠤ ᠪᠠᠷ ᠳᠠᠮᠵᠢᠭᠤᠯᠤᠨ ᠵᠠᠶᠢᠯᠠᠰᠢ ᠦᠭᠡᠢ ᠬᠡᠷᠡᠭᠴᠡᠭᠡᠳᠦ ᠬᠠᠮᠲᠤᠯᠢᠭ ᠢ ᠳᠡᠮᠵᠢᠵᠦ᠂ ᠣᠷᠣᠨ ᠰᠠᠭᠤᠴᠠ | ᠰᠣᠯᠢᠬᠤ ᠭᠡᠷ᠎ᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠯᠡᠳᠡᠭᠡᠯ ᠵᠠᠬ᠎ᠠ | ᠳᠡᠯᠭᠡᠭᠦᠷ ᠤᠨ ᠬᠥᠳᠡᠯᠦᠩᠭᠦᠢ ᠴᠢᠨᠠᠷ ᠢ ᠬᠥᠭᠵᠢᠭᠡᠨ ᠰᠠᠶᠢᠵᠢᠷᠠᠭᠤᠯᠬᠤ ᠴᠢᠨᠠᠷᠳᠠᠢ ᠬᠠᠮᠲᠤᠯᠢᠭ ᠤᠨ ᠢᠳᠡᠪᠬᠢᠵᠢᠯ ᠢ | ᠬᠥᠭᠵᠢᠭᠡᠨ᠎ᠡ︔ ᠡᠷᠡᠭᠦᠯ ᠮᠡᠨᠳᠦ ᠡᠷᠡᠭᠦᠯᠵᠢᠯ ᠤᠨ ᠨᠡᠶᠢᠭᠡᠮ ᠲᠣᠭᠤᠷᠢᠭ᠂ ᠵᠠᠯᠠᠭᠤ ᠴᠢᠳᠠᠪᠤᠷᠢᠲᠠᠨ ᠤ ᠨᠡᠶᠢᠲᠡ ᠶᠢᠨ | ᠪᠠᠶᠢᠷᠢ ᠵᠡᠷᠭᠡ ᠲᠦᠷᠦᠯ ᠤᠨ ᠠᠳᠠᠯ ᠠᠬᠤᠢ ᠶᠢ ᠨᠡᠭᠡᠭᠡᠨ ᠬᠥᠭᠵᠢᠭᠦᠯᠵᠦ᠂ ︽ᠣᠷᠣᠨ ᠰᠠᠭᠤᠴᠠ + ᠣᠶᠤᠨᠴᠢ | ᠦᠢᠯᠡᠴᠢᠯᠡᠭᠡ︾ ᠶᠢᠨ ᠦᠷᠳᠡᠭ ᠨᠡᠮᠡᠭᠳᠡᠯ ᠤᠨ ᠵᠠᠭᠪᠤᠷ ᠢ ᠰᠦᠪᠡᠭᠴᠢᠯᠡᠬᠦ ᠬᠡᠷᠡᠭᠲᠡᠢ︔ ᠮᠡᠷᠭᠡᠵᠢᠯ ᠢᠶᠠᠷ ᠡᠨᠧᠷᠭᠢ | ᠣᠯᠭᠤᠬᠤ ᠶᠢ ᠪᠡᠶᠡᠯᠡᠭᠦᠯᠵᠦ᠂ AI ᠵᠢᠷᠤᠭ ᠲᠥᠯᠥᠪᠯᠡᠭᠡᠨ ᠤ ᠪᠠᠭᠠᠵᠢ ᠶᠢ ᠬᠡᠷᠡᠭᠯᠡᠨ ᠥᠪᠡᠷᠮᠢᠴᠡ ᠴᠢᠨᠠᠷ ᠤᠨ | ᠥᠭᠡᠷᠡᠴᠢᠯᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ︔ ᠣᠶᠢᠯᠠᠭᠠᠭᠳᠠᠬᠤᠨ ᠤ ᠰᠢᠨᠡᠴᠢᠯᠡᠯᠲᠡ ᠶᠢ | ᠪᠡᠶᠡᠯᠡᠭᠦᠯᠵᠦ᠂ ︽ᠣᠷᠣᠰᠢᠨ ᠰᠠᠭᠤᠬᠤ ᠡᠷᠬᠡ ᠶᠢᠨ ᠡᠷᠬᠡ ᠲᠡᠭᠰᠢ︾ ᠪᠠᠶᠢᠬᠤ ᠣᠶᠢᠯᠠᠭᠠᠭᠳᠠᠬᠤᠨ ᠢ ᠴᠢᠩᠭᠠᠳᠬᠠᠵᠤ᠂ | ᠬᠠᠮᠲᠤ ᠶᠢᠨ ᠥᠮᠴᠢᠯᠡᠯ ᠤᠨ ᠡᠷᠬᠡ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠨᠡᠶᠢᠲᠡ ᠶᠢᠨ ᠪᠠᠶᠢᠷᠢ ᠶᠢᠨ | ᠨᠡᠶᠢᠭᠡᠮ ᠤᠨ ᠮᠡᠳᠡᠷᠡᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠢᠷᠡᠯᠲᠡ᠄ ᠠᠵᠢᠯᠴᠢᠨ ᠤ ᠡᠳᠦᠷ ᠤᠨ ᠰᠣᠨᠢᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |