ᠬᠤᠲᠠ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠲᠤᠷᠠᠨ ᠮᠠᠨ ᠤ ᠰᠢᠶᠠᠨ ᠤ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2025/4/21
      ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠦᠷ᠎ᠡ ᠶᠢᠨ ᠠᠮᠤᠷ ᠲᠦᠪᠰᠢᠨ ᠢ ᠡᠬᠢ ᠰᠤᠷᠪᠤᠯᠵᠢ ᠠᠴᠠ ᠨᠢ ᠪᠠᠲᠤᠯᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 14 ᠤ ᠡᠳᠦᠷ᠂ ᠬᠤᠲᠠ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠨ ᠤ ᠰᠢᠶᠠᠨ ᠳᠤ ᠬᠠᠪᠤᠷ ᠤᠨ ᠤᠯᠠᠷᠢᠯ ᠤᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠬᠠᠮᠲᠤᠷᠠᠨ ᠥᠷᠨᠢᠭᠦᠯᠪᠡ᠃ ᠲᠣᠰ ᠤᠳᠠᠭᠠᠨ ᠤ ᠦᠷ᠎ᠡ ᠶᠢᠨ ᠵᠠᠬ᠎ᠠ ᠳᠡᠯᠭᠡᠭᠦᠷ ᠤᠨ ᠪᠠᠶᠢᠴᠠᠭᠠᠯᠲᠠ ᠳᠤ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠪᠠᠷ ᠭᠤᠣᠯᠳᠠᠯᠭ᠎ᠠ ᠪᠣᠯᠭᠠᠵᠤ᠂ ᠲᠤᠬᠠᠢ ᠶᠢᠨ ᠲᠠᠯᠠᠪᠤᠷ ᠲᠤ ᠭᠤᠣᠯᠳᠠᠭᠤ ᠦᠷ᠎ᠡ ᠶᠢᠨ ᠡᠵᠡᠩᠨᠡᠯᠲᠡ ᠶᠢᠨ ᠳᠡᠯᠭᠡᠭᠦᠷ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ᠂ ᠳᠠᠩᠰᠠᠯᠠᠯᠲᠠ ᠪᠠ ᠦᠷ᠎ᠡ ᠶᠢᠨ ᠪᠣᠭᠤᠳᠠᠯ᠂ ᠡᠭᠦᠯᠳᠡᠷ ᠤᠨ ᠬᠢᠨᠠᠨ ᠲᠣᠭᠲᠠᠭᠠᠯᠲᠠ ᠳᠠᠩᠰᠠᠯᠠᠯᠲᠠ ᠶᠢᠨ ᠪᠠᠶᠢᠳᠠᠯ ᠢ ᠪᠠᠶᠢᠴᠠᠭᠠᠬᠤ ᠶᠢᠨ ᠬᠠᠮᠲᠤ ᠥᠯᠢᠭᠡᠷ ᠡᠳ᠋ ᠢ ᠰᠤᠭᠤᠯᠤᠨ ᠪᠠᠶᠢᠴᠠᠭᠠᠬᠤ ᠳᠤ ᠴᠡᠪᠡᠷᠴᠡ ᠶᠢᠨ ᠬᠡᠮᠵᠢᠶ᠎ᠡ᠂ ᠤᠰᠤ᠂ ᠨᠠᠬᠢᠶᠠᠯᠠᠯᠲᠠ ᠶᠢᠨ ᠨᠣᠷᠮ᠎ᠠ᠂ ᠡᠭᠦᠯᠳᠡᠷ ᠤᠨ ᠦᠨᠡᠨ ᠪᠣᠳᠠᠲᠤ ᠴᠢᠨᠠᠷ ᠪᠠ ᠭᠧᠨ ᠰᠢᠯᠵᠢᠭᠦᠯᠦᠭᠰᠡᠨ ᠪᠦᠷᠢᠯᠳᠦᠭᠦᠨ ᠢ ᠰᠢᠯᠭᠠᠨ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠬᠠᠤᠯᠢ ᠬᠡᠷᠡᠭᠵᠢᠭᠦᠯᠬᠦ ᠠᠵᠢᠯᠲᠠᠨ ᠣᠯᠵᠤ ᠮᠡᠳᠡᠭᠰᠡᠨ ᠣᠨᠴᠠ ᠵᠠᠷᠢᠮ ᠦᠷ᠎ᠡ ᠡᠵᠡᠩᠨᠡᠬᠦ ᠳᠡᠯᠭᠡᠭᠦᠷ ᠲᠤ ᠣᠷᠣᠰᠢᠵᠤ ᠪᠠᠶᠢᠭ᠎ᠠ ᠦᠷ᠎ᠡ ᠶᠢᠨ ᠪᠣᠭᠤᠳᠠᠯ ᠤᠨ ᠱᠣᠰᠢᠭ᠎ᠠ ᠲᠡᠮᠳᠡᠭ ᠨᠢ ᠵᠢᠷᠤᠮᠵᠢᠯ ᠦᠭᠡᠢ᠂ ᠪᠣᠷᠤᠯᠠᠭᠤᠯᠭ᠎ᠠ ᠶᠢᠨ ᠡᠬᠡ ᠲᠠᠩᠰᠠ ᠨᠢ ᠪᠦᠷᠢᠨ ᠪᠤᠰᠤ ᠵᠡᠷᠭᠡ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠠᠯᠠᠷᠠᠭᠤᠯᠤᠨ ᠵᠢᠯᠣᠭᠤᠳᠪᠠ᠃ ᠪᠠᠶᠢᠴᠠᠭᠠᠬᠤ ᠠᠵᠢᠯ ᠲᠠᠢ ᠤᠶᠠᠯᠳᠤᠭᠤᠯᠤᠨ ᠡᠵᠡᠩᠨᠡᠭᠴᠢᠳ ᠲᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠵᠦ᠂ ᠬᠤᠳᠠᠯ ᠬᠠᠭᠤᠷᠮᠠᠭ ᠮᠠᠭᠤ ᠦᠷ᠎ᠡ ᠪᠠᠷ ᠲᠠᠷᠢᠶᠠᠴᠢᠳ ᠢ ᠬᠤᠣᠷᠯᠠᠬᠤ ᠶᠢ ᠴᠢᠩᠭ᠎ᠠ ᠰᠡᠷᠭᠡᠶᠢᠯᠡᠵᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠣᠰᠣ ᠪᠠᠷ ᠡᠵᠡᠩᠨᠡᠬᠦ ᠶᠢ ᠪᠡᠶᠡᠯᠡᠭᠦᠯᠦᠭᠰᠡᠨ ᠤ ᠬᠠᠮᠲᠤ ᠦᠷ᠎ᠡ ᠬᠤᠳᠠᠯᠳᠤᠨ ᠠᠪᠤᠭᠰᠠᠨ ᠲᠠᠷᠢᠶᠠᠴᠢᠨ ᠡᠷᠦᠬᠡ ᠳᠤ ᠦᠷ᠎ᠡ ᠰᠣᠩᠭᠤᠬᠤ ︽ᠲᠠᠪᠤ ᠶᠢ ᠠᠪᠬᠤ ᠬᠡᠷᠡᠭᠲᠡᠢ︾᠂ ︽ᠲᠠᠪᠤ ᠶᠢ ᠠᠪᠬᠤ ᠦᠭᠡᠢ︾ ᠪᠠ ᠦᠷ᠎ᠡ ᠶᠢᠨ ᠦᠨᠡᠨ ᠬᠤᠳᠠᠯ ᠢ ᠬᠡᠷᠬᠢᠨ ᠢᠯᠭᠠᠨ ᠲᠠᠨᠢᠬᠤ ᠵᠡᠷᠭᠡ ᠮᠡᠳᠡᠯᠭᠡ ᠶᠢ ᠤᠬᠠᠭᠤᠯᠪᠠ᠃ ᠣᠲᠣ ᠪᠣᠯᠲᠠᠯ᠎ᠠ᠂ ᠮᠠᠨ ᠤ ᠰᠢᠶᠠᠨ ᠤ ᠬᠢᠨ ᠰᠦᠯᠵᠢᠶᠡᠨ ᠳᠡᠭᠡᠷ᠎ᠡ 30 ᠳᠡᠯᠭᠡᠭᠦᠷ ᠳᠠᠩᠰᠠᠯᠠᠭᠤᠯᠤᠨ ᠡᠵᠡᠩᠨᠡᠵᠦ᠂ 191 ᠡᠷᠳᠡᠨᠢ ᠰᠢᠰᠢ ᠶᠢᠨ ᠡᠷᠯᠢᠰᠡᠵᠢᠭᠦᠯᠦᠭᠰᠡᠨ ᠡᠭᠦᠯᠳᠡᠷ᠂ 15 ᠰᠢᠰᠢ ᠳᠠᠩᠰᠠᠯᠠᠭᠤᠯᠵᠤ᠂ 20 ᠲᠦᠮᠡᠨ ᠺᠢᠯᠣᠭ᠍ᠷᠠᠮ ᠤᠨ ᠲᠤᠭ᠎ᠠ ᠬᠡᠮᠵᠢᠶ᠎ᠡ ᠶᠢ ᠳᠠᠩᠰᠠᠯᠠᠭᠤᠯᠤᠭᠰᠠᠨ ᠪᠠᠶᠢᠨ᠎ᠠ᠃       ᠲᠣᠰ ᠤᠳᠠᠭ᠎ᠠ ᠨᠡᠶᠢᠲᠡ 15 ᠦᠷ᠎ᠡ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠪᠠᠶᠢᠴᠠᠭᠠᠯᠲᠠ ᠬᠢᠵᠦ᠂ 15 ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠡᠭᠦᠯᠳᠡᠷ᠂ 1 ᠰᠢᠰᠢ ᠶᠢ ᠰᠤᠭᠤᠯᠤᠨ ᠪᠠᠶᠢᠴᠠᠭᠠᠵᠤ᠂ ᠳᠡᠭᠡᠳᠦ ᠱᠠᠲᠤᠨ ᠤ ᠲᠤᠰᠢᠶᠠᠭᠰᠠᠨ ᠥᠯᠢᠭᠡᠷ ᠠᠪᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃       ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠮᠠᠨ ᠤ ᠰᠢᠶᠠᠨ ᠤ ᠦᠷ᠎ᠡ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠪᠦᠲᠦᠮᠵᠢᠲᠡᠶ ᠪᠠᠷ ᠴᠡᠭᠴᠡᠯᠡᠨ ᠵᠢᠷᠤᠮᠵᠢᠭᠤᠯᠵᠤ᠂ ᠦᠷ᠎ᠡ ᠡᠵᠡᠩᠨᠡᠭᠴᠢ ᠶᠢᠨ ᠬᠠᠤᠯᠢ ᠶᠢ ᠰᠠᠬᠢᠬᠤ ᠤᠬᠠᠮᠰᠠᠷ ᠢ ᠴᠢᠩᠭᠠᠷᠠᠭᠤᠯᠵᠤ᠂ ᠲᠠᠷᠢᠶᠠᠴᠢᠳ ᠤᠨ ᠬᠢᠷᠢ ᠲᠡᠩᠴᠡᠭᠰᠡᠨ ᠦᠷ᠎ᠡ ᠶᠢ ᠰᠣᠩᠭᠤᠵᠤ ᠬᠤᠳᠠᠯᠳᠤᠨ ᠠᠪᠬᠤ ᠳᠤ ᠪᠠᠲᠤᠯᠠᠭ᠎ᠠ ᠬᠠᠩᠭᠠᠵᠤ᠂ ᠦᠷ᠎ᠡ ᠡᠵᠡᠩᠨᠡᠭᠴᠢ ᠪᠠ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃       ᠦᠷ᠎ᠡ ᠪᠣᠯ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠮᠥᠨ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠮᠠᠨ ᠤ ᠰᠢᠶᠠᠨ ᠤ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠪᠠ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ᠂ ᠦᠨᠡᠮᠯᠡᠯ ᠦᠭᠡᠢ ᠪᠠᠷ ᠦᠢᠯᠡᠳᠪᠦᠷᠢᠯᠡᠨ ᠡᠵᠡᠩᠨᠡᠬᠦ᠂ ᠬᠢᠨᠠᠨ ᠪᠠᠶᠢᠴᠠᠭᠠᠭᠰᠠᠨ ᠦᠭᠡᠢ ᠪᠠᠷ ᠤᠷᠢᠳᠠᠪᠠᠷ ᠳᠡᠯᠭᠡᠷᠡᠭᠦᠯᠬᠦ᠂ ᠫᠠᠶᠢᠰᠠ ᠡᠯᠭᠦᠨ ᠡᠷᠬᠡ ᠳᠤ ᠬᠠᠯᠳᠠᠬᠤ᠂ ᠬᠠᠭᠤᠷᠮᠠᠭ ᠴᠢᠨᠠᠷ ᠮᠠᠭᠤ ᠦᠷ᠎ᠡ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠨ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠲᠠᠷᠢᠶᠠᠴᠢᠳ ᠰᠠᠨᠠᠭ᠎ᠠ ᠠᠮᠤᠷ ᠦᠷ᠎ᠡ ᠬᠤᠳᠠᠯᠳᠤᠨ ᠠᠪᠴᠤ᠂ ᠰᠠᠨᠠᠭ᠎ᠠ ᠠᠮᠤᠷ ᠲᠠᠷᠢᠶ᠎ᠠ ᠳᠠᠷᠢᠬᠤ ᠶᠢ ᠦᠨᠡᠨ ᠬᠦ ᠪᠠᠲᠤᠯᠠᠨ᠎ᠠ᠃  ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1