ᠲᠣᠭᠲᠠᠬᠤ ᠰᠢᠶᠠᠨ ᠤ ᠤᠯᠠᠭᠠᠨᠮᠥ᠋ᠴᠢᠷ ᠶᠦᠨ ᠵᠥᠩ ᠵᠦᠴᠦᠭᠡ ᠶᠢᠨ ᠬᠦᠷᠢᠶᠡᠯᠡᠩ ᠳᠤ ᠬᠦᠷᠴᠦ᠂ ︽ | ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠥᠷᠨᠢᠭᠦᠯᠪᠡ᠃ ᠲᠣᠰ ᠤᠳᠠᠭᠠᠨ ᠤ ᠲᠣᠭᠯᠠᠯᠲᠠ ᠨᠢ ᠵᠢᠵᠢᠭ ᠰᠢ ᠱᠤᠭ ᠵᠦᠴᠦᠭᠡ ᠪᠠᠷ ᠭᠤᠣᠯᠯᠠᠭᠤᠯᠵᠤ | ᠂ ᠣᠷᠣᠨ ᠨᠤᠲᠤᠭ ᠤᠨ ᠣᠨᠴᠠᠯᠢᠭᠲᠤ ᠰᠣᠶᠣᠯ ᠢ ᠳᠡᠯᠭᠡᠨ ᠦᠵᠡᠭᠦᠯᠵᠡᠢ᠃ ᠲᠣᠭᠯᠠᠭᠴᠢᠳ ᠨᠤᠲᠤᠭ ᠤᠨ | ᠠᠶᠠᠯᠭᠤ ᠪᠠᠷ ᠢᠶᠠᠨ ᠠᠮᠤᠷ ᠲᠦᠪᠰᠢᠨ ᠤ ᠮᠡᠳᠡᠯᠭᠡ ᠶᠢ ᠱᠤᠭ ᠶᠠᠷᠢᠶᠠᠨ ᠳᠤ ᠠᠭᠤᠰᠬᠠᠨ ᠣᠷᠣᠭᠤᠯᠵᠤ᠂ ᠬᠥᠩᠭᠡᠨ | ᠪᠥᠭᠡᠳ ᠰᠣᠨᠢᠷᠬᠠᠯᠲᠠᠢ ᠬᠡᠯᠪᠡᠷᠢ ᠪᠠᠷ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ | | | | | | | | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠤᠯᠠᠭᠠᠨᠮᠥ᠋ᠴᠢᠷ ᠤᠨ ᠬᠢᠨ ᠦᠷᠭᠦᠯᠵᠢᠯᠡᠨ ᠠᠷᠠᠳ | ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ | ᠱᠠᠲᠤᠨ ᠳᠤ ᠦᠨᠳᠦᠰᠦᠯᠡᠵᠦ᠂ ᠤᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠨᠡᠩ ᠤᠯᠠᠨ ᠪᠣᠷᠣ | ᠮᠠᠲ᠋ᠧᠷᠢᠶᠠᠯ ᠢ ᠠᠭᠤᠳᠠᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠦᠲᠦᠭᠡᠯ ᠢ ᠵᠣᠬᠢᠶᠠᠨ ᠪᠦᠲᠦᠭᠡᠬᠦ | ᠪᠠ ᠲᠣᠭᠯᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ | ᠴᠢᠨᠠᠭᠰᠢᠳᠠ ᠪᠠᠶᠠᠯᠢᠭᠵᠢᠭᠤᠯᠤᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠬᠠᠮ ᠵᠠᠭᠤᠴᠢᠯᠠᠭᠤᠷ |