︽ᠶᠢᠰᠦᠨ ᠵᠢᠵᠢᠭ ᠲᠠᠯᠠᠪᠤᠷ︾ ᠢ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠡᠷᠡᠭᠯᠡᠭᠡᠨ ᠤ ᠡᠷᠬᠡ ᠠᠰᠢᠭ ᠢ | ᠪᠠᠲᠤᠯᠠᠬᠤ ᠶᠢᠨ ᠲᠥᠯᠥᠭᠡ᠂ ᠣᠶᠢᠷ᠎ᠠ ᠳᠤ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︽ᠶᠢᠰᠦᠨ ᠵᠢᠵᠢᠭ ᠲᠠᠯᠠᠪᠤᠷ︾ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠶᠢᠨ ᠬᠡᠪᠴᠢᠶ᠎ᠡ ᠳᠤ ᠵᠢᠵᠢᠭ ᠳᠡᠯᠭᠡᠭᠦᠷ᠂ ᠵᠢᠵᠢᠭ ᠬᠤᠭᠤᠯᠠᠨ ᠭᠡᠷ ᠵᠡᠷᠭᠡ | ᠡᠯ᠎ᠡ ᠲᠥᠷᠥᠯ ᠤᠨ ︽ᠶᠢᠰᠦᠨ ᠵᠢᠵᠢᠭ ᠲᠠᠯᠠᠪᠤᠷ︾ ᠪᠠᠭᠲᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ | ᠭᠤᠣᠯᠳᠠᠯᠭ᠎ᠠ ᠲᠠᠢ ᠪᠠᠷ ᠲᠠᠯᠠᠪᠤᠷ ᠭᠠᠵᠠᠷ ᠲᠠᠬᠢ ᠡᠵᠡᠩᠨᠡᠯᠲᠡ ᠶᠢᠨ ᠦᠨᠡᠮᠯᠡᠯ᠂ ᠠᠵᠢᠯ ᠡᠷᠬᠢᠯᠡᠭᠰᠡᠳ ᠤᠨ ᠡᠷᠡᠭᠦᠯ | ᠮᠡᠨᠳᠦ ᠶᠢᠨ ᠦᠨᠡᠮᠯᠡᠯ ᠵᠡᠷᠭᠡ ᠦᠨᠡᠮᠯᠡᠯ ᠢ ᠡᠵᠡᠮᠰᠢᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠢᠯᠭᠠᠯᠲᠠ ᠬᠢᠵᠦ᠂ | ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠳᠤᠯᠠᠪᠠ᠃ | ᠢᠳᠡᠭᠡᠨ ᠤ ᠠᠮᠤᠷ ᠲᠦᠪᠰᠢᠨ ᠤ ᠲᠠᠯ᠎ᠠ ᠪᠠᠷ᠂ ᠢᠳᠡᠭᠡᠨ ᠤ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ | ᠠᠷᠭ᠎ᠠ ᠵᠠᠮ᠂ ᠬᠠᠳᠠᠭᠠᠯᠠᠬᠤ ᠨᠥᠬᠦᠴᠡᠯ ᠵᠢᠴᠢ ᠢᠳᠡᠭᠡᠨ ᠢ ᠡᠳ᠋ᠰᠢᠭᠦᠯᠦᠨ ᠦᠢᠯᠡᠳᠬᠦ ᠶᠠᠪᠤᠴᠠ ᠨᠢ ᠠᠷᠢᠭᠤᠨ | ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠨᠠᠷᠢᠨ ᠪᠠᠶᠢᠴᠠᠭᠠᠨ᠂ ᠠᠰᠠᠭᠤᠳᠠᠯ ᠲᠠᠢ ᠢᠳᠡᠭᠡᠨ ᠤ ᠵᠠᠬ᠎ᠠ | ᠳᠡᠯᠭᠡᠭᠦᠷ ᠲᠤ ᠣᠷᠣᠬᠤ ᠶᠢ ᠴᠢᠩᠭ᠎ᠠ ᠬᠢᠵᠠᠭᠠᠷᠯᠠᠪᠠ᠃ | ᠣᠲᠣ ᠪᠣᠯᠲᠠᠯ᠎ᠠ᠂ ᠨᠡᠶᠢᠲᠡ 67 ᠵᠢᠵᠢᠭ ᠳᠡᠯᠭᠡᠭᠦᠷ᠂ 26 ᠵᠢᠵᠢᠭ ᠢᠳᠡᠭᠡᠨ ᠤᠮᠳᠠᠭᠠᠨ ᠤ ᠳᠡᠯᠭᠡᠭᠦᠷ ᠢ | ᠪᠠᠶᠢᠴᠠᠭᠠᠵᠤ᠂ 8 ᠵᠦᠢᠯ ᠤᠨ ᠠᠰᠠᠭᠤᠳᠠᠯ ᠢ ᠢᠯᠡᠷᠡᠭᠦᠯᠵᠦ᠂ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ | ᠪᠢᠴᠢᠭ︾ ᠢ 2 ᠬᠤᠪᠢ ᠪᠠᠭᠤᠯᠭᠠᠪᠠ᠃ | ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︽ᠶᠢᠰᠦᠨ ᠵᠢᠵᠢᠭ ᠲᠠᠯᠠᠪᠤᠷ︾ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ | ᠦᠨᠡᠨᠬᠦ ᠪᠠᠲᠤᠯᠠᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |