30 ᠳ᠋ᠤᠭᠠᠷ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ 4 ᠳ᠋ᠤᠭᠡᠷ | ᠰᠠᠷ᠎ᠠ ᠶᠢᠨ 20 ᠤ ᠡᠳᠦᠷ᠂ ︽ᠤᠮᠠᠷᠠᠲᠤ ᠬᠢᠯᠢ ᠶᠢ ᠦᠵᠡᠶ᠎ᠡ︾ ︱ 4.23 ᠳᠡᠯᠡᠬᠡᠢ ᠶᠢᠨ ᠨᠣᠮ ᠤᠩᠰᠢᠬᠤ | ᠡᠳᠦᠷ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳ᠋ᠦᠩ ᠱᠧᠩ ᠸᠧᠢ ᠰᠢᠨ᠎ᠡ ᠶᠢ ᠡᠭᠦᠳᠬᠦ | ᠰᠤᠳᠤᠯᠭᠠᠨ ᠤ ᠰᠠᠭᠤᠷᠢᠨ ᠭᠠᠵᠠᠷ ᠲᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠶᠢ ᠲᠣᠭᠲᠠᠬᠤ ᠰᠢᠶᠠᠨ ᠤ | ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠲᠣᠭᠲᠠᠬᠤ ᠰᠢᠶᠠᠨ ᠤ ᠬᠤᠷᠢᠶ᠎ᠠ᠂ ᠥᠪᠥᠷ ᠮᠣᠩᠭᠤᠯ ᠤᠨ ᠰᠢᠨ ᠱᠠᠩ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠠᠴᠠ ᠭᠤᠣᠯᠯᠠᠨ ᠡᠷᠬᠢᠯᠡᠪᠡ᠃ ᠲᠣᠭᠲᠠᠬᠤ ᠰᠢᠶᠠᠨ ᠤ ᠰᠢᠨᠬᠤᠸᠠ ᠨᠣᠮ ᠤᠨ ᠳᠡᠯᠭᠡᠭᠦᠷ᠂ ᠳ᠋ᠦᠩ ᠱᠧᠩ | ᠸᠧᠢ ᠰᠤᠳᠤᠯᠭᠠᠨ ᠤ ᠰᠠᠭᠤᠷᠢᠨ ᠢ ᠳᠠᠭᠠᠭᠠᠴᠢᠯᠠᠨ ᠡᠷᠬᠢᠯᠡᠬᠦ᠂ ᠲᠣᠭᠲᠠᠬᠤ ᠰᠢᠶᠠᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠤᠮᠠᠷᠠᠲᠤ ᠬᠠᠭᠠᠰ ᠪᠥᠮᠪᠥᠷᠴᠡᠭ ᠤᠨ | ᠤᠷᠠᠨ ᠰᠠᠶᠢᠬᠠᠨ ᠤ ᠲᠣᠭᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠣᠭᠲᠠᠬᠤ ᠰᠢᠶᠠᠨ ᠤ ᠨᠣᠮ ᠤᠨ | ᠰᠠᠩ ᠤᠨ ᠬᠠᠪᠰᠤᠷᠤᠨ ᠡᠷᠬᠢᠯᠡᠵᠡᠢ᠂ 200 ᠭᠠᠷᠤᠢ ᠬᠥᠮᠥᠨ ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠬᠤᠶᠢᠴᠢ ᠦᠶ᠎ᠡ ᠶᠢᠨ ᠬᠢᠨ ᠢ ᠬᠠᠶᠢᠷᠠᠯᠠᠨ | ᠬᠠᠯᠠᠮᠵᠢᠯᠠᠬᠤ ᠠᠵᠢᠯ ᠤᠨ ᠵᠥᠪᠯᠡᠯ ᠤᠨ ᠸᠠᠩ ᠢᠦᠢ ᠵᠦ ᠪᠠᠭᠰᠢ ᠰᠣᠩᠭᠤᠳᠠᠭ ᠨᠣᠮ ᠤᠨ ᠭᠠᠷᠴᠠᠭ ᠢ ᠰᠣᠩᠭᠤᠨ᠂ | ᠥᠪᠡᠷ ᠤᠨ ᠣᠶᠢᠯᠠᠭᠠᠯᠲᠠ ᠪᠣᠯᠣᠨ ᠠᠮᠢᠳᠤᠷᠠᠯ ᠤᠨ ᠪᠣᠳᠠᠲᠤ ᠵᠢᠱᠢᠶ᠎ᠡ ᠲᠠᠢ ᠪᠠᠨ ᠤᠶᠠᠯᠳᠤᠭᠤᠯᠵᠤ᠂ ᠨᠣᠮ | ᠤᠩᠰᠢᠭᠰᠠᠨ ᠲᠥᠷᠥᠭᠳᠡᠯ ᠢᠶᠠᠨ ᠤᠯᠠᠨ ᠳᠤ ᠬᠤᠪᠢᠶᠠᠯᠴᠠᠪᠠ᠃ ᠲᠡᠭᠦᠨ ᠤ ᠲᠠᠶᠢᠯᠪᠤᠷᠢᠯᠠᠯᠲᠠ ᠨᠢ ᠠᠮᠢᠳᠤᠯᠢᠭ | ᠰᠣᠨᠢᠷᠬᠠᠯᠲᠠᠢ᠂ ᠬᠥᠮᠥᠨ ᠤ ᠪᠠᠭ᠋ᠠᠷᠤᠯ ᠢ ᠲᠠᠳᠠᠵᠠᠢ᠃ ᠥᠷᠭᠡᠨ ᠤᠯᠠᠨ ᠵᠠᠯᠠᠭᠤᠴᠤᠳ ᠪᠠᠭᠠᠴᠤᠳ ︽ᠪᠠᠭᠠᠴᠤᠳ ᠤᠨ | ᠳᠤᠮᠳᠠᠳᠤ ᠤᠯᠤᠰ ᠤᠨ ᠰᠤᠷᠭᠠᠯ︾ ᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠡᠯᠭᠡᠷᠡᠭᠦᠯᠵᠦ᠂ ᠰᠣᠶᠣᠯ ᠢ | ᠤᠯᠠᠮᠵᠢᠯᠠᠨ ᠵᠠᠯᠭᠠᠮᠵᠢᠯᠠᠬᠤ ᠬᠦᠴᠦᠷᠬᠡᠭ ᠶᠡᠭᠡ ᠬᠦᠴᠦᠨ ᠴᠢᠳᠠᠯ ᠢ ᠢᠯᠡᠷᠡᠭᠦᠯᠪᠡ᠃ ᠠᠵᠢᠯᠯᠠᠭ᠎ᠠ ᠶᠢᠨ ᠳᠠᠷᠠᠭ᠎ᠠ᠂ ︽ | ᠬᠠᠭᠤᠴᠢᠨ ᠢ ᠦᠵᠡᠵᠦ ᠰᠢᠨ᠎ᠡ ᠨᠣᠮ ᠪᠢᠴᠢᠭ ᠢ ᠬᠠᠮᠲᠤ ᠪᠠᠷ ᠡᠳ᠋ᠯᠡᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ | ᠥᠷᠨᠢᠭᠦᠯᠵᠦ᠂ ᠠᠵᠢᠯᠯᠠᠭ᠎ᠠ ᠶᠢᠨ ᠣᠶᠢᠯᠠᠭᠠᠭᠳᠠᠬᠤᠨ ᠢ ᠲᠠᠨᠢᠯᠴᠠᠭᠤᠯᠤᠭᠰᠠᠨ ᠪᠥᠭᠡᠳ ᠨᠣᠮ ᠪᠢᠴᠢᠭ ᠴᠤᠭᠯᠠᠭᠤᠯᠬᠤ | ᠰᠠᠨᠠᠭᠠᠴᠢᠯᠠᠭ᠎ᠠ ᠶᠢ ᠨᠡᠶᠢᠲᠡᠯᠡᠵᠦ᠂ ᠲᠤᠬᠠᠢ ᠶᠢᠨ ᠲᠠᠯᠠᠪᠤᠷ ᠲᠤ ᠠᠵᠢᠯᠯᠠᠭ᠎ᠠ ᠳᠤ ᠣᠷᠣᠯᠴᠠᠭᠰᠠᠨ 50 ᠪᠢᠴᠢᠬᠠᠨ | ᠨᠠᠶᠢᠵᠠ ᠨᠠᠷ ᠲᠤ ᠨᠡᠶᠢᠲᠡ 100 ᠳᠡᠪᠲᠡᠷ ᠨᠣᠮ ᠪᠢᠴᠢᠭ ᠬᠠᠨᠳᠢᠪᠯᠡᠪᠠ᠃ | ︽30 ᠳ᠋ᠤᠭᠠᠷ ᠳᠡᠯᠡᠬᠡᠢ ᠶᠢᠨ ᠨᠣᠮ ᠤᠩᠰᠢᠬᠤ ᠡᠳᠦᠷ ᠠᠯᠢ ᠤᠯᠠᠨ ᠪᠠᠶᠠᠯᠢᠭ ᠰᠠᠶᠢᠬᠠᠨ ᠬᠠᠮᠢᠶ᠎ᠠ ᠪᠦᠬᠦᠢ | ᠠᠵᠢᠯᠯᠠᠭ᠎ᠠ ᠳᠤ ᠲᠦᠰᠢᠭᠯᠡᠨ᠂ ᠮᠡᠳᠡᠯᠭᠡ ᠶᠢ ᠠᠴᠢᠶᠠᠯᠠᠭᠰᠠᠨ ᠨᠣᠮ ᠪᠢᠴᠢᠭ᠂ ᠤᠶᠤᠨ ᠤᠬᠠᠭᠠᠨ ᠢ ᠰᠡᠬᠡᠭᠡᠷᠡᠭᠦᠯᠦᠭᠰᠡᠨ | ᠨᠣᠮ ᠤᠩᠰᠢᠬᠤ ᠵᠢᠴᠢ ᠭᠦᠨ ᠵᠤᠵᠠᠭᠠᠨ ᠥᠨᠢ ᠤᠳᠠᠭᠠᠨ ᠰᠣᠶᠣᠯ ᠢ ᠬᠦᠨᠳᠦᠳᠬᠡᠨ ᠤᠯᠠᠮᠵᠢᠯᠠᠵᠤ ᠪᠠᠶᠢᠭ᠎ᠠ | ᠰᠡᠳᠬᠢᠯᠭᠡ ᠪᠠᠨ ᠭᠦᠨ ᠢᠯᠡᠳᠬᠡᠬᠦ ᠶᠢ ᠴᠢᠩ ᠰᠡᠳᠬᠢᠯ ᠠᠴᠠ ᠪᠠᠨ ᠬᠦᠰᠡᠨ ᠡᠷᠡᠮᠡᠯᠵᠡᠵᠦ ᠪᠠᠶᠢᠨ᠎ᠠ᠃ ᠡᠭᠦᠨ ᠤ | ᠵᠡᠷᠭᠡ ᠳᠤ᠂ ᠭᠡᠷ ᠪᠦᠯᠢ ᠪᠠᠷ ᠢᠶᠠᠨ ᠨᠣᠮ ᠤᠩᠰᠢᠬᠤ ᠬᠠᠯᠠᠭᠤᠨ ᠳᠣᠲᠣᠨᠣ ᠠᠭᠤᠷ ᠠᠮᠢᠰᠬᠤᠯ ᠢ ᠢᠳᠡᠪᠬᠢᠲᠡᠢ ᠪᠠᠷ | ᠪᠤᠶ ᠪᠣᠯᠭᠠᠵᠤ᠂ ᠪᠦᠬᠦ ᠠᠷᠠᠳ ᠤᠨ ᠨᠣᠮ ᠤᠩᠰᠢᠬᠤ ᠡᠨᠡᠬᠦ ᠠᠤᠭ᠎ᠠ ᠶᠡᠭᠡ ᠢᠨᠵᠧᠨᠧᠷᠢᠩ ᠢ ᠲᠣᠭᠲᠠᠭᠤᠨ ᠢᠶᠠᠷ | ᠬᠡᠷᠡᠭᠵᠢᠭᠦᠯᠬᠦ ᠳᠤ ᠬᠦᠴᠦ ᠨᠡᠮᠡᠷᠢᠯᠡᠨ ᠠᠬᠢᠭᠤᠯᠬᠤ ᠬᠡᠷᠡᠭᠲᠡᠢ︾ ᠭᠡᠵᠦ ᠲᠣᠭᠲᠠᠬᠤ ᠰᠢᠶᠠᠨ ᠤ ᠬᠤᠶᠢᠴᠢ ᠦᠶ᠎ᠡ ᠶᠢᠨ | ᠬᠢᠨ ᠢ ᠬᠠᠯᠠᠮᠵᠢᠯᠠᠬᠤ ᠠᠵᠢᠯ ᠤᠨ ᠺᠣᠮᠢᠰ ᠤᠨ ᠳᠡᠳ᠋ ᠡᠷᠬᠢᠯᠡᠭᠴᠢ ᠸᠠᠩ ᠢᠦᠢ ᠵᠦ ᠰᠤᠷᠪᠤᠯᠵᠢᠯᠠᠭᠴᠢ ᠳᠤ ᠬᠡᠯᠡᠵᠡᠢ᠃ | ᠲᠣᠰ ᠤᠳᠠᠭᠠᠨ ᠤ ᠠᠵᠢᠯᠯᠠᠭ᠎ᠠ ᠨᠢ ᠨᠣᠮ ᠤᠩᠰᠢᠬᠤ ᠶᠢ ᠬᠤᠪᠢᠶᠠᠯᠴᠠᠨ ᠡᠳ᠋ᠯᠡᠬᠦ᠂ ᠤᠷᠠᠨ ᠤᠩᠰᠢᠯᠭ᠎ᠠ ᠶᠢᠨ | ᠲᠣᠭᠯᠠᠯᠲᠠ ᠵᠡᠷᠭᠡ ᠠᠯᠢ ᠣᠯᠠᠨ ᠠᠵᠢᠯᠯᠠᠭ᠎ᠠ ᠪᠠᠷ ᠳᠠᠮᠵᠢᠭᠤᠯᠤᠨ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ | ᠃ ᠢᠷᠡᠭᠡᠳᠦᠢ ᠳᠤ᠂ ᠲᠣᠭᠲᠠᠬᠤ ᠰᠢᠶᠠᠨ ᠦᠷᠭᠦᠯᠵᠢᠯᠡᠨ ︽ᠨᠣᠮ ᠤᠨ ᠦᠨᠦᠷ ᠤᠮᠠᠷᠠᠲᠤ ᠬᠢᠯᠢ︾ ᠪᠠᠷ ᠰᠣᠶᠣᠯ ᠤᠨ | ᠲᠠᠪᠴᠠᠩ ᠪᠣᠯᠭᠠᠵᠤ᠂ ᠡᠯ᠎ᠡ ᠲᠦᠷᠦᠯ ᠤᠨ ᠤᠩᠰᠢᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ | ᠠᠷᠠᠳ ᠤᠨ ᠤᠩᠰᠢᠯᠭ᠎ᠠ ᠶᠢᠨ ᠣᠴᠢ ᠪᠠᠷ ᠨᠡᠩ ᠤᠯᠠᠨ ᠬᠥᠮᠥᠨ ᠢ ᠭᠡᠷᠡᠯᠳᠦᠭᠦᠯᠵᠦ᠂ ᠨᠣᠮ ᠤᠨ ᠦᠨᠦᠷ ᠬᠠᠩᠬᠤᠯᠵᠤ᠂ | ᠪᠦᠬᠦ ᠠᠷᠠᠳ ᠤᠨ ᠤᠩᠰᠢᠯᠭ᠎ᠠ ᠶᠢᠨ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠬᠤ | ᠪᠣᠯᠣᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |