ᠣᠷᠴᠢᠮ ᠤᠨ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠢᠨᠵᠧᠨᠧᠷᠢᠩ ᠤᠨ ᠶᠠᠰᠤ ᠴᠢᠨᠠᠷ ᠤᠨ ᠠᠰᠠᠭᠤᠳᠠᠯ ᠢ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠲᠤᠬᠠᠢ ᠮᠡᠳᠡᠭᠳᠡᠯ ᠨᠡᠶᠢᠲᠡᠯᠡᠪᠡ᠃ | ᠮᠡᠳᠡᠭᠳᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠪᠠᠷᠢᠮᠵᠢᠶ᠎ᠠ ᠶᠢᠨ ᠵᠢᠷᠤᠮᠵᠢᠯ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ | ᠪᠠᠶᠢᠭᠤᠯᠬᠤ ᠣᠷᠣᠨ ᠰᠠᠭᠤᠴᠠ ᠶᠢᠨ ᠲᠥᠷᠥᠯ ᠵᠦᠢᠯ ᠳᠤ ᠰᠢᠨ᠎ᠡ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ | ᠡᠯ᠎ᠡ ᠭᠠᠵᠠᠷ ᠤᠨ ᠬᠢᠨ ᠪᠠᠷᠢᠯᠭ᠎ᠠ ᠳᠤ ᠣᠷᠣᠯᠴᠠᠬᠤ ᠨᠢᠭᠡᠴᠢ ᠶᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠵᠢᠷᠤᠭ | ᠲᠥᠯᠥᠪᠯᠡᠭᠡ ᠶᠢᠨ ᠨᠢᠭᠡᠴᠢ ᠨᠢ ︽ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ︾ ᠵᠡᠷᠭᠡ ᠨᠡᠷ᠎ᠡ ᠪᠠᠷ ᠵᠢᠷᠤᠭ | ᠲᠥᠯᠥᠪᠯᠡᠭᠡ ᠶᠢᠨ ᠪᠠᠷᠢᠮᠵᠢᠶ᠎ᠠ ᠶᠢ ᠬᠡᠯᠪᠡᠷᠢ ᠶᠢ ᠨᠢ ᠥᠭᠡᠷᠡᠲᠦᠭᠦᠯᠦᠨ ᠴᠢᠨᠠᠷ ᠢ ᠪᠠᠭᠤᠷᠠᠭᠤᠯᠵᠤ ᠪᠣᠯᠬᠤ ᠦᠭᠡᠢ᠂ | ᠪᠠᠷᠢᠯᠭ᠎ᠠ ᠶᠢᠨ ᠨᠢᠭᠡᠴᠢ ᠨᠢ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠠᠴᠠ ᠵᠥᠷᠢᠴᠡᠨ ᠪᠠᠷᠢᠯᠭ᠎ᠠ ᠪᠠᠷᠢᠬᠤ ᠶᠢ | ᠴᠢᠩᠭ᠎ᠠ ᠴᠠᠭᠠᠵᠠᠯᠠᠬᠤ ᠬᠡᠷᠡᠭᠲᠡᠢ᠃ ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ GB 55038 | — 2025 ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ | ᠢᠨᠵᠧᠨᠧᠷᠢᠩ ᠲᠤ ᠰᠢᠨ᠎ᠡ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ | ᠣᠷᠣᠨ ᠰᠠᠭᠤᠴᠠ ᠶᠢᠨ ᠲᠠᠭᠤ ᠬᠥᠨᠳᠡᠶᠢᠷᠡᠭᠦᠯᠬᠦ᠂ ᠦᠮᠡᠭᠡᠢ ᠦᠨᠦᠷ ᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ ᠵᠡᠷᠭᠡ | ᠪᠠᠷᠢᠮᠵᠢᠶ᠎ᠠ ᠶᠢᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠠᠮᠢᠶ᠎ᠠ ᠪᠦᠬᠦᠢ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ᠎ᠠ᠃ | ᠬᠤᠶᠠᠷ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢ | ᠴᠢᠩᠳᠠᠯᠠᠵᠤ᠂ ᠳᠠᠭᠤ ᠬᠥᠨᠳᠡᠶᠢᠷᠡᠭᠦᠯᠬᠦ᠂ ᠦᠮᠡᠭᠡᠢ ᠦᠨᠦᠷ ᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ ᠶᠢ ᠬᠢᠨᠠᠨ | ᠪᠠᠶᠢᠴᠠᠭᠠᠬᠤ ᠪᠠᠷ ᠭᠤᠣᠯᠳᠠᠯᠭ᠎ᠠ ᠪᠣᠯᠭᠠᠨ᠎ᠠ | ᠡᠯ᠎ᠡ ᠭᠠᠵᠠᠷ ᠤᠨ ᠬᠢᠨ ᠪᠦᠳᠦᠭᠡᠨ ᠪᠠᠷᠢᠭᠤᠯᠬᠤ ᠨᠢᠭᠡᠴᠢ ᠶᠢ ᠰᠢᠮᠳᠠᠭᠤᠯᠵᠤ ᠪᠠᠶᠢᠭᠠᠳ ᠣᠷᠣᠨ | ᠰᠠᠭᠤᠴᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠤᠯᠪᠣᠭᠳᠠᠯ | ᠪᠦᠬᠦᠢ ᠪᠠᠶᠢᠭᠤᠯᠤᠮᠵᠢ ᠳᠤ ᠴᠠᠭ ᠲᠤᠬᠠᠢ ᠳᠤᠨᠢ ᠬᠦᠷᠭᠡᠵᠦ ᠬᠢᠨᠠᠨ ᠪᠠᠶᠢᠴᠠᠯᠭᠠᠨᠠ᠂ ᠬᠢᠨᠠᠨ ᠪᠠᠶᠢᠴᠠᠭᠠᠬᠤ | ᠪᠠᠶᠢᠭᠤᠯᠤᠮᠵᠢ ᠶᠢ ᠵᠢᠯᠣᠭᠤᠳᠤᠨ ᠣᠷᠣᠨ ᠰᠠᠭᠤᠴᠠ ᠶᠢᠨ ᠲᠠᠭᠤ ᠬᠥᠨᠳᠡᠶᠢᠷᠡᠭᠦᠯᠬᠦ᠂ ᠦᠮᠡᠭᠡᠢ ᠦᠨᠦᠷ ᠢ ᠰᠡᠷᠭᠡᠶᠢᠯᠡᠬᠦ᠂ | ᠤᠰᠤ ᠶᠢ ᠰᠡᠷᠭᠡᠶᠢᠯᠡᠬᠦ ᠵᠡᠷᠭᠡ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠪᠠᠷ ᠭᠤᠣᠯᠳᠠᠯᠭ᠎ᠠ ᠪᠣᠯᠭᠠᠬᠤ ᠬᠡᠷᠡᠭᠲᠡᠢ | ᠃ ᠣᠷᠣᠨ ᠰᠠᠭᠤᠴᠠ ᠶᠢᠨ ᠲᠠᠭᠤ ᠬᠥᠨᠳᠡᠶᠢᠷᠡᠭᠦᠯᠬᠦ ᠳᠤ ᠰᠠᠨᠠᠭᠠᠴᠢᠯᠠᠭ᠎ᠠ ᠠᠴᠠ ᠪᠠᠨ ᠲᠠᠭᠤ ᠨᠠᠮᠳᠠᠭᠠᠬᠤ ᠪᠠ | ᠰᠠᠨᠠᠭᠠᠴᠢᠯᠠᠭ᠎ᠠ ᠪᠤᠰᠤ ᠲᠠᠭᠤ ᠬᠥᠨᠳᠡᠶᠢᠷᠡᠭᠦᠯᠬᠦ ᠶᠢ ᠵᠢᠷᠤᠭᠯᠠᠨ ᠲᠥᠯᠥᠪᠯᠡᠬᠦ ᠠᠷᠭ᠎ᠠ ᠳᠤ ᠠᠩᠬᠠᠷᠤᠯ ᠢᠶᠠᠨ | ᠲᠦᠪᠯᠡᠷᠡᠭᠦᠯᠬᠦ ᠬᠡᠷᠡᠭᠳᠡᠢ᠃ ᠣᠷᠣᠨ ᠰᠠᠭᠤᠴᠠ ᠶᠢᠨ ᠦᠮᠡᠭᠡᠢ ᠦᠨᠦᠷ ᠢ ᠰᠡᠷᠭᠡᠶᠢᠯᠡᠬᠦ ᠳᠤ ᠪᠤᠬᠢᠷ ᠤᠰᠤᠨ | ᠭᠤᠭᠤᠵᠢᠭᠤᠷ᠂ ᠤᠲᠤᠭ᠎ᠠ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠮᠤᠷᠤᠶᠢᠯᠲᠠ ᠵᠡᠷᠭᠡ | ᠬᠡᠰᠡᠭ ᠢ ᠨᠠᠷᠢᠯᠢᠭ ᠵᠢᠷᠤᠵᠤ ᠲᠥᠯᠥᠪᠯᠡᠭᠰᠡᠨ ᠡᠰᠡᠬᠦ ᠶᠢ ᠠᠩᠬᠠᠷᠬᠤ ᠬᠡᠷᠡᠭᠲᠡᠢ᠃ ᠣᠷᠣᠨ ᠰᠠᠭᠤᠴᠠ ᠶᠢᠨ ᠤᠰᠤ ᠶᠢ | ᠰᠡᠷᠭᠡᠶᠢᠯᠡᠬᠦ ᠳᠤ ︽ᠰᠡᠷᠭᠡᠶᠢᠯᠡᠬᠦ ᠪᠠ ᠭᠠᠳᠠᠭᠰᠢᠯᠠᠭᠤᠯᠬᠤ ᠶᠢ ᠤᠶᠠᠯᠳᠤᠭᠤᠯᠬᠤ᠂ ᠭᠠᠳᠠᠭᠰᠢᠯᠠᠭᠤᠯᠬᠤ ᠶᠢ | ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ᠂ ᠤᠰᠤ ᠭᠠᠳᠠᠭᠰᠢᠯᠠᠭᠤᠯᠬᠤ ᠪᠠ ᠤᠰᠤ ᠰᠡᠷᠭᠡᠶᠢᠯᠡᠬᠦ ᠠᠷᠭ᠎ᠠ | ᠬᠡᠮᠵᠢᠶ᠎ᠡ ᠶᠢᠨ ᠪᠦᠷᠢᠨ ᠭᠦᠢᠴᠡᠳ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠨᠢᠭᠡᠴᠢ ᠨᠢ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠪᠠᠷᠢᠯᠭ᠎ᠠ ᠶᠢᠨ ᠵᠢᠷᠤᠭ ᠲᠤ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ ᠪᠣᠯᠬᠤ ᠦᠭᠡᠢ᠂ ᠦᠨᠡᠨᠬᠦ | ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠲᠣᠭᠲᠠᠭᠠᠯ ᠶᠣᠰᠣᠭᠠᠷ ᠤᠤᠯ ᠤᠨ ᠬᠢᠨᠠᠨ ᠪᠠᠶᠢᠴᠠᠭᠠᠭᠰᠠᠨ | ᠪᠠᠶᠢᠭᠤᠯᠤᠮᠵᠢ ᠳᠤ ᠬᠦᠷᠭᠡᠵᠦ ᠬᠢᠨᠠᠨ ᠪᠠᠶᠢᠴᠠᠭᠠᠯᠭᠠᠬᠤ ᠬᠡᠷᠡᠭᠲᠡᠢ᠃ | ᠭᠤᠷᠪᠠ᠂ ᠲᠠᠯᠠᠪᠠᠶ ᠳᠤ ᠤᠷᠤᠭᠤᠯᠬᠤ ᠮᠠᠲ᠋ᠧᠷᠢᠶᠠᠯ ᠢ ᠰᠢᠯᠭᠠᠨ ᠪᠠᠶᠢᠴᠠᠭᠠᠬᠤ ᠶᠢ ᠴᠢᠩᠭ᠎ᠠ ᠠᠳᠬᠤᠵᠤ᠂ | ᠴᠢᠨᠠᠷ ᠮᠠᠭᠤᠲᠠᠢ ︽ᠪᠠᠷᠢᠯᠭ᠎ᠠ ᠶᠢᠨ ᠴᠣᠩᠬᠤ︾ ᠪᠠ ᠪᠤᠬᠢᠷ ᠤᠰᠤᠨ ᠭᠤᠭᠤᠵᠢᠭᠤᠷ ᠵᠡᠷᠭᠡ ᠪᠠᠷᠢᠯᠭ᠎ᠠ ᠶᠢᠨ | ᠮᠠᠲ᠋ᠧᠷᠢᠶᠠᠯ ᠢ ᠪᠠᠷᠢᠯᠭ᠎ᠠ ᠳᠤ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠢ | ᠡᠯ᠎ᠡ ᠭᠠᠵᠠᠷ ᠤᠨ ᠬᠢᠨ ᠪᠠᠷᠢᠯᠭ᠎ᠠ ᠶᠢᠨ ᠮᠠᠲ᠋ᠧᠷᠢᠶᠠᠯ ᠢ ᠤᠷᠢᠳᠠᠪᠠᠷ ᠪᠠᠶᠢᠴᠠᠭᠠᠵᠤ ᠳᠠᠷᠠᠭ᠎ᠠ ᠨᠢ ᠬᠡᠷᠡᠭᠯᠡᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠬᠦᠷᠴᠦ ᠥᠯᠢᠭᠡᠷ ᠠᠪᠬᠤ ᠶᠢ | ᠠᠬᠢᠭᠤᠯᠵᠤ᠂ ᠥᠯᠢᠭᠡᠷ ᠠᠪᠬᠤ ᠶᠢᠨ ᠲᠠᠰᠢᠷᠠᠮ ᠤᠨ ᠴᠢᠨᠠᠷ ᠪᠠ ᠲᠥᠯᠥᠭᠡᠯᠡᠬᠦ ᠴᠢᠨᠠᠷ ᠢ ᠦᠨᠡᠨᠬᠦ ᠪᠠᠲᠤᠯᠠᠵᠤ᠂ | ᠬᠤᠳᠠᠯ ᠬᠠᠭᠤᠷᠮᠠᠭ ᠢᠶᠠᠷ ᠥᠯᠢᠭᠡᠷ ᠠᠪᠬᠤ ᠪᠠ ᠥᠯᠢᠭᠡᠷ ᠬᠦᠷᠭᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠪᠠᠷᠢᠯᠭ᠎ᠠ ᠳᠤ ᠤᠷᠤᠯᠴᠠᠬᠤ ᠨᠢᠭᠡᠴᠢ ᠶᠢ ᠵᠢᠯᠤᠭᠤᠳᠴᠤ ᠪᠠᠶᠢᠭᠠᠳ ᠡᠭᠦᠳᠡ ᠴᠣᠩᠬᠤ᠂ ᠪᠤᠬᠢᠷ ᠤᠰᠤᠨ ᠭᠤᠭᠤᠵᠢᠭᠤᠷ | ᠂ ᠤᠰᠤ ᠶᠢ ᠰᠡᠷᠭᠡᠶᠢᠯᠡᠬᠦ ᠮᠠᠲ᠋ᠧᠷᠢᠶᠠᠯ ᠵᠡᠷᠭᠡ ᠵᠠᠩᠭᠢᠯᠠᠭ᠎ᠠ ᠶᠢᠨ ᠮᠠᠲ᠋ᠧᠷᠢᠶᠠᠯ ᠢ ᠰᠤᠭᠤᠴᠢᠨ ᠪᠠᠶᠢᠴᠠᠭᠠᠬᠤ ᠬᠠᠷᠢᠴᠠᠯ ᠢ | ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠲᠦᠷᠦᠯ ᠵᠦᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠵᠦᠢᠯ | ᠣᠷᠣᠰᠢᠵᠤ ᠪᠠᠶᠢᠪᠠᠯ ᠰᠤᠭᠤᠴᠢᠨ ᠪᠠᠶᠢᠴᠠᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ | ᠭᠠᠳᠠᠷ ᠴᠣᠩᠬᠤ ᠶᠢᠨ ᠲᠠᠰᠢᠭᠤᠪᠴᠢ ᠱᠤᠭᠤᠮ ᠤᠨ ᠬᠡᠮᠵᠢᠶ᠎ᠡ᠂ ᠭᠤᠣᠯ ᠮᠠᠲ᠋ᠧᠷᠢᠶᠠᠯ ᠤᠨ ᠬᠠᠨ᠎ᠠ ᠶᠢᠨ ᠵᠤᠵᠠᠭᠠᠨ᠂ | ᠰᠢᠯ ᠤᠨ ᠵᠤᠵᠠᠭᠠᠨ ᠤ ᠬᠡᠮᠵᠢᠶ᠎ᠡ᠂ ᠠᠭᠠᠷ ᠬᠦᠨᠳᠡᠶᠢᠷᠡᠭᠦᠯᠬᠦ ᠴᠢᠨᠠᠷ᠂ ᠤᠰᠤ ᠰᠡᠷᠭᠡᠶᠢᠯᠡᠬᠦ ᠴᠢᠨᠠᠷ᠂ ᠰᠠᠯᠬᠢᠨ | ᠰᠡᠷᠭᠡᠶᠢᠯᠡᠬᠦ ᠴᠢᠳᠠᠪᠤᠷᠢ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠰᠢᠯᠭᠠᠨ᠎ᠠ︔ ᠪᠤᠬᠢᠷ ᠤᠰᠤᠨ ᠭᠤᠭᠤᠵᠢᠭᠤᠷ ᠤᠨ | ᠮᠠᠲ᠋ᠧᠷᠢᠶᠠᠯ ᠤᠨ ᠴᠢᠨᠠᠷ᠂ ᠭᠦᠨ ᠤ ᠬᠡᠮᠵᠢᠶ᠎ᠡ᠂ ᠪᠢᠲᠡᠭᠦᠮᠵᠢᠯᠡᠭᠰᠡᠨ ᠪᠦᠲᠦᠴᠡ ᠵᠡᠷᠭᠡ ᠶᠢ ᠭᠤᠤᠯᠳᠠᠯᠭ᠎ᠠ ᠲᠠᠢ | ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠪᠠᠶᠢᠪᠠᠯ ᠲᠣᠭᠲᠠᠭᠠᠯ ᠶᠣᠰᠣᠭᠠᠷ | ᠪᠠᠷᠢᠯᠭ᠎ᠠ ᠶᠢᠨ ᠭᠠᠵᠠᠷ ᠠᠴᠠ ᠴᠡᠪᠡᠷᠯᠡᠨ ᠭᠠᠷᠭᠠᠬᠤ ᠬᠡᠷᠡᠭᠲᠡᠢ᠃ | ᠳᠥᠷᠪᠡ᠂ ᠪᠣᠳᠠᠲᠤ ᠴᠣᠭᠴᠠ ᠶᠢᠨ ᠴᠢᠳᠠᠮᠵᠢ ᠶᠢ ᠪᠠᠶᠢᠴᠠᠭᠠᠨ ᠰᠢᠯᠭᠠᠬᠤ ᠶᠢ ᠥᠷᠨᠢᠭᠦᠯᠵᠦ᠂ ᠪᠠᠶᠢᠴᠠᠭᠠᠨ | ᠰᠢᠯᠭᠠᠭᠰᠠᠨ ᠦᠷ᠎ᠡ ᠳ᠋ᠦᠩ ᠢ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠲᠤ | ᠣᠷᠣᠭᠤᠯᠤᠨ᠎ᠠ | ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠶᠢ ᠰᠢᠮᠳᠠᠭᠤᠯᠵᠤ ᠪᠠᠶᠢᠭᠠᠳ ᠲᠠᠭᠤ ᠬᠥᠨᠳᠡᠶᠢᠷᠡᠭᠦᠯᠬᠦ᠂ | ᠦᠮᠡᠭᠡᠢ ᠦᠨᠦᠷ ᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ ᠵᠡᠷᠭᠡ ᠪᠣᠳᠠᠲᠤ ᠴᠣᠭᠴᠠ ᠶᠢᠨ ᠴᠢᠨᠠᠷ ᠴᠢᠨᠰᠠᠭ᠎ᠠ ᠶᠢᠨ | ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠬᠤ ᠬᠡᠷᠡᠭᠲᠡᠢ᠃ ᠣᠷᠣᠨ ᠰᠠᠭᠤᠴᠠ ᠶᠢᠨ ᠲᠠᠭᠤ ᠬᠥᠨᠳᠡᠶᠢᠷᠡᠭᠦᠯᠬᠦ | ᠴᠢᠳᠠᠪᠤᠷᠢ ᠶᠢ ᠰᠢᠯᠭᠠᠨ ᠪᠠᠶᠢᠴᠠᠭᠠᠬᠤ ᠳᠤ ᠭᠤᠣᠯᠳᠠᠭᠤ ᠡᠭᠦᠳᠡ ᠴᠣᠩᠬᠤ᠂ ᠡᠷᠦᠬᠡ ᠬᠤᠪᠢᠶᠠᠭᠰᠠᠨ ᠬᠡᠷᠡᠮ᠂ | ᠠᠰᠠᠷ ᠤᠨ ᠬᠠᠪᠲᠠᠰᠤ ᠶᠢᠨ ᠮᠥᠷᠭᠦᠯᠲᠡ ᠶᠢᠨ ᠲᠠᠭᠤᠨ ᠢ ᠠᠩᠬᠠᠷᠬᠤ ᠬᠡᠷᠡᠭᠲᠡᠢ᠃ ᠤᠳᠤᠭ᠎ᠠ ᠭᠠᠳᠠᠭᠰᠢᠯᠠᠭᠤᠯᠬᠤ | ᠰᠢᠰᠲ᠋ᠧᠮ ᠢ ᠤᠭᠰᠠᠷᠠᠵᠤ ᠪᠠᠷᠠᠭᠰᠠᠨ ᠤ ᠲᠡᠷᠠᠭ᠎ᠠ ᠠᠭᠠᠷ ᠬᠦᠨᠳᠡᠶᠢᠷᠡᠭᠦᠯᠬᠦ᠂ ᠰᠠᠯᠬᠢ ᠨᠡᠪᠲᠡᠷᠡᠬᠦ ᠬᠥᠳᠡᠯᠭᠡᠬᠦ ᠬᠦᠴᠦ | ᠪᠠ ᠭᠡᠷ ᠤᠨ ᠣᠷᠣᠢ ᠶᠢᠨ ᠰᠠᠯᠬᠢ ᠳᠠᠯᠳᠠᠯᠠᠬᠤ ᠵᠡᠷᠭᠡ ᠴᠢᠳᠠᠪᠬᠢ ᠶᠢ ᠰᠢᠯᠭᠠᠨ ᠪᠠᠶᠢᠴᠠᠭᠠᠬᠤ ᠬᠡᠷᠡᠭᠲᠡᠢ᠃ ᠣᠷᠣᠨ | ᠰᠠᠭᠤᠴᠠ ᠶᠢᠨ ᠤᠰᠤ ᠶᠢ ᠰᠡᠷᠭᠡᠶᠢᠯᠡᠬᠦ ᠳᠤ ᠤᠰᠤ ᠶᠢ ᠰᠡᠷᠭᠡᠶᠢᠯᠡᠬᠦ ᠶᠢ ᠪᠠᠶᠢᠴᠠᠭᠠᠨ ᠰᠢᠯᠭᠠᠬᠤ ᠪᠠᠷ ᠪᠠᠷᠠᠬᠤ ᠦᠭᠡᠢ | ᠤᠰᠤ ᠭᠠᠳᠠᠭᠰᠢᠯᠠᠭᠤᠯᠬᠤ ᠶᠢ ᠪᠠᠶᠢᠴᠠᠭᠠᠨ ᠰᠢᠯᠭᠠᠬᠤ ᠬᠡᠷᠡᠭᠳᠡᠢ᠃ ᠪᠦᠲᠦᠭᠡᠨ ᠪᠠᠶᠢᠭᠤᠯᠬᠤ ᠨᠢᠭᠡᠴᠢ ᠶᠢ | ᠰᠢᠮᠳᠠᠭᠤᠯᠵᠤ ᠪᠠᠶᠢᠭᠠᠳ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ︽ᠣᠷᠣᠨ ᠰᠠᠭᠤᠴᠠ ᠶᠢᠨ ᠶᠠᠰᠤ ᠴᠢᠨᠠᠷ ᠤᠨ | ᠪᠠᠲᠤᠯᠠᠭ᠎ᠠ ᠶᠢᠨ ᠪᠢᠴᠢᠭ︾ ᠲᠤ ᠣᠷᠣᠭᠤᠯᠬᠤ ᠬᠡᠷᠡᠭᠲᠡᠢ᠃ | ᠲᠠᠪᠤ᠂ ᠪᠥᠬᠦ ᠬᠡᠯᠬᠢᠶ᠎ᠡ ᠶᠢᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠣᠭᠲᠠᠭᠠᠯ ᠠᠴᠠ | ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠴᠢᠩᠭ᠎ᠠ ᠬᠦᠨᠳᠦ ᠪᠠᠷ ᠰᠢᠢᠳᠭᠡᠨ᠎ᠡ | ᠡᠯ᠎ᠡ ᠭᠠᠵᠠᠷ ᠤᠨ ᠬᠢᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠢᠨᠵᠧᠨᠧᠷᠢᠩ ᠤᠨ ᠵᠢᠷᠤᠭ | ᠲᠥᠯᠥᠪᠯᠡᠭᠡ᠂ ᠮᠠᠲ᠋ᠧᠷᠢᠶᠠᠯ᠂ ᠪᠠᠷᠢᠯᠭ᠎ᠠ ᠪᠠᠷᠢᠬᠤ᠂ ᠰᠢᠯᠭᠠᠨ ᠠᠪᠬᠤ ᠵᠡᠷᠭᠡ ᠪᠥᠬᠦ ᠬᠡᠯᠬᠢᠶᠡᠰᠦ ᠶᠢᠨ ᠬᠢᠨᠠᠯᠲᠠ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ | ᠳᠤᠨᠢ ᠮᠡᠳᠡᠭᠡᠯᠡᠬᠦ ᠬᠡᠷᠡᠭᠲᠡᠢ᠃ ᠢᠲᠡᠭᠡᠮᠵᠢ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠤᠬᠠᠢ ᠶᠢᠨ ᠲᠠᠯᠠᠪᠤᠷ ᠤᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠶᠠᠰᠤ ᠴᠢᠨᠠᠷ ᠤᠨ ᠠᠳᠡᠯ ᠪᠤᠶᠤ ᠬᠦᠨᠳᠦ ᠨᠣᠴᠢᠲᠠᠢ ᠶᠠᠰᠤ | ᠴᠢᠨᠠᠷ ᠤᠨ ᠠᠰᠠᠭᠤᠳᠠᠯ ᠭᠠᠷᠪᠠᠯ ᠵᠠᠷᠯᠢᠭᠳᠠᠵᠤ ᠪᠠᠶᠢᠭᠠᠳ ᠪᠥᠬᠦ ᠲᠠᠯ᠎ᠠ ᠪᠠᠷ ᠠᠵᠢᠯ ᠢ ᠨᠢ ᠵᠤᠭᠰᠤᠭᠠᠬᠤ ᠵᠢᠴᠢ | ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠭᠰᠠᠨ᠂ ᠵᠢᠷᠤᠭ ᠲᠦᠯᠦᠪᠯᠡᠯᠭᠡ ᠶᠣᠰᠣᠭᠠᠷ ᠪᠠᠷᠢᠯᠭ᠎ᠠ ᠪᠠᠷᠢᠭᠰᠠᠨ ᠦᠭᠡᠢ | ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠢᠯᠡᠴᠢᠯᠡᠵᠦ᠂ ᠬᠢᠷᠢ ᠴᠢᠳᠠᠮᠵᠢ ᠬᠢᠷᠢ ᠬᠡᠮ | ᠂ ᠠᠵᠢᠯ ᠡᠷᠭᠢᠯᠡᠬᠦ ᠶᠢ ᠬᠢᠵᠠᠭᠠᠷᠯᠠᠬᠤ ᠵᠡᠷᠭᠡ ᠰᠢᠢᠳᠭᠡᠯ ᠲᠤᠷᠭᠠᠭᠤᠯᠢ ᠶᠢ ᠴᠢᠩᠭᠠᠳᠬᠠᠵᠤ᠂ ᠢᠲᠡᠭᠡᠮᠵᠢ ᠪᠠᠷ | ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠶᠢ | ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ | ᠭᠠᠵᠠᠷ ᠣᠷᠣᠨ ᠤ ᠪᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠨ᠂ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ | ᠲᠣᠰ ᠭᠠᠵᠠᠷ ᠣᠷᠣᠨ ᠤ ᠣᠷᠣᠨ ᠰᠠᠭᠤᠴᠠ ᠶᠢᠨ ᠶᠠᠰᠤ ᠴᠢᠨᠠᠷ ᠤᠨ ᠠᠰᠠᠭᠤᠳᠠᠯ ᠤᠨ ᠪᠣᠶ ᠪᠣᠯᠤᠭᠰᠠᠨ ᠰᠢᠯᠲᠠᠭᠠᠨ ᠢ | ᠭᠦᠨᠵᠡᠭᠡᠢ ᠵᠠᠳᠠᠯᠵᠤ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠮᠡᠷᠭᠡᠵᠢᠯ ᠢ ᠴᠤᠭᠯᠠᠭᠤᠯᠤᠭᠰᠠᠨ ᠰᠠᠭᠤᠷᠢᠨ | ᠳᠡᠭᠡᠷ᠎ᠡ᠂ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠠᠪᠲᠠᠷᠡᠭᠦᠯᠵᠦ᠂ ᠠᠵᠤ ᠠᠬᠤᠶᠢᠯᠠᠯ ᠤᠨ | ᠦᠢᠯᠡᠳᠦᠯᠭᠡᠵᠢᠭᠦᠯᠦᠨ ᠳᠡᠯᠭᠡᠷᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ︽ᠲᠤᠰᠢᠶᠠᠨ ᠦᠭᠭᠦᠭᠰᠡᠨ ᠪᠦᠬᠦᠨ | ᠬᠢᠷᠢ ᠲᠡᠩᠴᠡᠬᠦ︾ ᠣᠨᠣᠯᠵᠢᠬᠤᠨ ᠢ ᠪᠣᠶ ᠪᠣᠯᠭᠠᠵᠤ᠂ ᠴᠡᠭᠴᠡᠯᠡᠨ ᠵᠠᠰᠠᠬᠤ ᠶᠠᠪᠤᠴᠠ ᠳᠠᠬᠢ ᠰᠠᠶᠢᠨ ᠲᠤᠷᠰᠢᠯᠭ᠎ᠠ᠂ | ᠰᠠᠶᠢᠨ ᠠᠷᠭ᠎ᠠ ᠬᠢᠳᠡᠯ ᠢ ᠢᠳᠡᠪᠬᠢᠲᠡᠢ ᠤᠬᠠᠭᠤᠯᠵᠤ᠂ ᠣᠯᠠᠨ ᠲᠦᠮᠡᠨ ᠳᠤ ᠦᠨᠡᠨ ᠬᠦ ᠴᠢᠨᠠᠷ ᠰᠠᠶᠢᠲᠠᠢ ᠣᠷᠣᠨ | ᠰᠠᠭᠤᠴᠠ ᠬᠠᠩᠭᠠᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |