ᠣᠷᠴᠢᠮ ᠤᠨ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ | ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ︵ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠬᠠᠪᠤᠳᠠᠷ ᠤᠨ ᠡᠮᠨᠡᠯᠭᠡ ᠶᠢᠨ ᠬᠤᠷᠢᠶ᠎ᠠ︶ ᠶᠢᠨ ᠬᠠᠮᠲᠤᠷᠠᠭᠰᠠᠨ ᠬᠥᠬᠦᠨ ᠪᠤᠯᠴᠢᠷᠬᠠᠢ ᠶᠢᠨ ᠪᠡᠲᠡᠭᠢᠲᠦ | ᠬᠠᠪᠤᠳᠠᠷ ᠤᠨ ᠲᠥᠪ᠂ ᠴᠡᠭᠡᠵᠢᠨ ᠬᠡᠰᠡᠭ ᠤᠨ ᠪᠡᠲᠡᠭᠢᠲᠦ ᠬᠠᠪᠤᠳᠠᠷ ᠤᠨ ᠭᠠᠳᠠᠷ ᠰᠠᠯᠠᠭ᠎ᠠ᠂ ᠰᠠᠴᠤᠷᠠᠭ ᠵᠠᠰᠠᠯ ᠤᠨ | ᠰᠠᠯᠠᠭ᠎ᠠ ᠵᠡᠷᠭᠡ ᠰᠠᠯᠠᠭ᠎ᠠ ᠲᠠᠰᠤᠭ ᠤᠨ 9 ᠲᠤᠰᠬᠠᠢ ᠮᠡᠷᠭᠡᠵᠢᠯᠲᠡᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ | ᠵᠡᠭᠦᠨ ᠡᠮᠨᠡᠯᠭᠡ ᠶᠢᠨ ᠬᠤᠷᠢᠶᠠᠨ ᠤ ᠶᠡᠭᠡ ᠲᠢᠩᠬᠢᠮ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ | ᠂ ᠪᠡᠲᠡᠭᠢᠲᠦ ᠬᠠᠪᠤᠳᠠᠷ ᠢ ᠡᠷᠲᠡ ᠰᠢᠭᠰᠢᠵᠦ ᠡᠷᠲᠡ ᠵᠠᠰᠠᠬᠤ ᠣᠶᠢᠯᠠᠭᠠᠭᠳᠠᠬᠤᠨ ᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ ᠶᠢ ᠠᠬᠢᠭᠤᠯᠪᠠ᠃ ᠲᠤᠰᠬᠠᠢ ᠮᠡᠷᠭᠡᠵᠢᠯᠲᠡᠨ ᠤ ᠪᠦᠯᠬᠦᠮ ᠵᠣᠬᠢᠶᠠᠨ ᠪᠠᠶᠢᠭᠤᠯᠵᠤ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯᠲᠡᠨ ᠤ ᠪᠦᠯᠬᠦᠮ ᠨᠢ | ᠠᠰᠠᠭᠤᠨ ᠣᠨᠣᠰᠢᠯᠠᠬᠤ᠂ ᠺᠢᠨᠣ᠋ ᠦᠵᠡᠬᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃ ᠲᠣᠭᠲᠠᠬᠤ | ᠰᠢᠶᠠᠨ ᠤ ᠰᠠᠭᠤᠭᠠᠯᠢ ᠠᠷᠠᠳ ᠸᠠᠩ ᠠᠪᠤᠭᠠᠢ ᠡᠴᠢᠭᠡ ᠶᠢᠨ ᠢᠶᠠᠨ ᠴᠡᠭᠡᠵᠢᠨ ᠤ ᠢᠯᠲᠠᠰᠤ ᠶᠢ ᠠᠪᠴᠤ ᠪᠡᠭᠡᠵᠢᠩ ᠶᠡᠭᠡ | ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ | ᠴᠡᠭᠡᠵᠢᠨ ᠬᠡᠰᠡᠭ ᠤᠨ ᠬᠠᠪᠤᠳᠠᠷ ᠤᠨ ᠭᠠᠳᠠᠷ ᠰᠠᠯᠠᠭᠠᠨ ᠤ ᠳᠡᠳ᠋ ᠡᠷᠬᠢᠯᠡᠭᠴᠢ ᠬᠠᠨ ᠪᠠᠭᠠᠲᠤᠷ ᠠᠴᠠ ᠠᠰᠠᠭᠤᠨ | ᠣᠨᠣᠰᠢᠯᠠᠵᠤ᠂ ᠠᠩᠬᠠᠨ ᠤ ᠬᠤᠭᠤᠴᠠᠭᠠᠨ ᠤ ᠠᠭᠤᠰᠬᠢᠨ ᠥᠮᠡᠨ ᠭᠡᠵᠦ ᠠᠩᠬ᠎ᠠ ᠠᠯᠬᠤᠮ ᠣᠨᠣᠰᠢᠯᠠᠵᠠᠢ᠂ ᠲᠤᠰᠬᠠᠢ | ᠮᠡᠷᠭᠡᠵᠢᠯᠲᠡᠨ ᠠᠴᠠ CT ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠪᠠᠶᠢᠭᠠᠳ ᠡᠮᠨᠡᠨ ᠵᠠᠰᠠᠬᠤ | ᠲᠥᠰᠥᠯ ᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠰᠠᠨᠠᠭᠤᠯᠵᠠᠢ᠃ 64 ᠨᠠᠰᠤᠲᠠᠢ ᠪᠥᠸᠧ ᠠᠪᠤᠭᠠᠢ ᠣᠷᠳᠣ | ᠬᠤᠭᠤᠴᠠᠭ᠎ᠠ ᠪᠠᠷ ᠠᠭᠤᠰᠬᠢ ᠡᠪᠡᠳᠴᠦ ᠪᠠᠶᠢᠬᠤ ᠪᠠ ᠣᠶᠢᠷ᠎ᠠ ᠶᠢᠨ ᠬᠤᠭᠤᠴᠠᠭᠠᠨ ᠳᠤ ᠲᠣᠯᠣᠭᠠᠢ ᠡᠪᠡᠳᠬᠦ ᠪᠠᠨ | ᠡᠮᠨᠡᠭᠦᠯᠵᠦ ᠪᠠᠶᠢᠬᠤ ᠪᠣᠯᠬᠤᠷ ᠲᠤᠰᠬᠠᠢ ᠮᠡᠷᠭᠡᠵᠢᠯᠲᠡᠨ ᠡᠪᠡᠳᠴᠢᠨ ᠤ ᠲᠡᠦᠬᠡ ᠲᠠᠢ ᠤᠶᠠᠯᠳᠤᠭᠤᠯᠤᠨ ᠲᠡᠭᠦᠨ ᠳᠤ | ᠥᠪᠡᠷᠮᠢᠴᠡ ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠵᠤ ᠥᠭᠴᠡᠢ᠃ ᠬᠠᠨ ᠪᠠᠭᠠᠲᠤᠷ ᠢᠯᠡᠷᠬᠡᠶᠢᠯᠡᠬᠦ ᠳᠡᠭᠡᠨ᠄ | ︽ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠬᠤ ᠤᠬᠠᠮᠰᠠᠷ | ᠴᠢᠩᠭᠠᠷᠠᠵᠤ᠂ ᠠᠯᠪᠠᠨ ᠵᠢᠷᠤᠮ ᠤᠨ ᠡᠮᠴᠢᠯᠡᠭᠡ ᠪᠠ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠮᠵᠢᠯᠴᠠᠭ᠎ᠠ ᠪᠠᠷ | ᠳᠡᠮᠵᠢᠨ᠂ ᠡᠪᠡᠳᠴᠢᠲᠡᠨ ᠤ ᠬᠡᠮ ᠰᠣᠭᠤᠭ ᠢ ᠡᠷᠲᠡ ᠢᠯᠡᠷᠡᠭᠦᠯᠵᠦ᠂ ᠡᠮᠴᠢᠯᠡᠭᠡᠨ ᠤ ᠰᠢᠵᠢᠷ ᠠᠯᠲᠠᠨ | ᠬᠤᠭᠤᠴᠠᠭ᠎ᠠ ᠶᠢ ᠡᠵᠡᠮᠳᠡᠬᠦ ᠳᠤ ᠬᠠᠪᠰᠤᠷᠤᠮᠵᠢ ᠪᠣᠯᠵᠤ ᠴᠢᠳᠠᠨ᠎ᠠ᠂ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ | ᠂ ᠪᠢᠳᠡ ︿ᠡᠷᠲᠡ ᠰᠢᠭᠰᠢᠨ ᠡᠷᠲᠡ ᠵᠠᠰᠠᠬᠤ﹀ ᠣᠶᠢᠯᠠᠭᠠᠭᠳᠠᠬᠤᠨ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠣᠯᠠᠨ | ᠲᠦᠮᠡᠨ ᠤ ︿ᠪᠠᠶᠢᠴᠠᠭᠠᠬᠤ ᠠᠴᠠ ᠠᠶᠤᠬᠤ﹀ ᠪᠠᠶᠢᠭᠰᠠᠨ ᠠᠴᠠ ᠪᠠᠨ ︿ᠰᠠᠨᠠᠭᠠᠴᠢᠯᠠᠭ᠎ᠠ ᠠᠴᠠ ᠪᠠᠨ ᠰᠢᠭᠰᠢᠨ | ᠪᠠᠶᠢᠴᠠᠭᠠᠬᠤ﹀ ᠳᠠᠰᠢ ᠰᠢᠯᠵᠢᠬᠦ ᠶᠢ ᠠᠬᠢᠭᠤᠯᠤᠨ᠎ᠠ︾ ᠭᠡᠵᠡᠢ᠃ | | | | | ᠠᠯᠪᠠᠨ ᠵᠢᠷᠤᠮ ᠤᠨ ᠡᠮᠴᠢᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠳᠤ ᠴᠢᠭᠯᠡᠭᠦᠯᠦᠨ᠂ ᠬᠠᠨ ᠪᠠᠭᠠᠲᠤᠷ᠄ ︽ | ᠡᠷᠲᠡ ᠣᠨᠣᠰᠢᠯᠠᠵᠤ ᠡᠷᠲᠡ ᠵᠠᠰᠠᠬᠤ ᠳᠤ ᠪᠥᠬᠦ ᠪᠡᠶ᠎ᠡ ᠶᠢᠨ ᠦᠨᠡᠯᠡᠨ ᠵᠢᠱᠢᠯᠲᠡ ᠶᠢ ᠬᠠᠮᠲᠤ ᠳᠤᠨᠢ ᠬᠠᠷᠠᠭᠠᠯᠵᠠᠬᠤ | ᠬᠡᠷᠡᠭᠲᠡᠢ᠂ ᠵᠢᠱᠢᠶᠡᠯᠡᠪᠡᠯ ᠠᠭᠤᠰᠬᠢ ᠵᠠᠩᠭᠢᠯᠠᠭ᠎ᠠ ᠲᠠᠢ ᠨᠢᠭᠡ ᠡᠪᠡᠳᠴᠢᠲᠡᠨ ᠳᠤ ᠵᠢᠷᠦᠬᠡ ᠠᠭᠤᠰᠬᠢᠨ ᠤ ᠠᠵᠢᠯᠯᠠᠭ᠎ᠠ | ᠪᠦᠷᠢᠨ ᠪᠤᠰᠤ ᠳᠠᠪᠬᠤᠴᠠᠭᠰᠠᠨ ᠪᠠᠶᠢᠪᠠᠯ᠂ ᠪᠡᠶ᠎ᠡ ᠶᠢᠨ ᠪᠠᠶᠢᠳᠠᠯ ᠢ ᠶᠡᠷᠦᠩᠬᠡᠶᠢᠯᠡᠨ ᠲᠥᠰᠥᠯ ᠲᠣᠭᠲᠠᠭᠠᠵᠤ᠂ ᠬᠡᠰᠡᠭ | ᠲᠠᠯ᠎ᠠ ᠶᠢᠨ ᠡᠮᠴᠢᠯᠡᠭᠡ ᠠᠴᠠ ᠪᠣᠯᠵᠤ ᠪᠦᠬᠦ᠋ᠢᠯᠡ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠠᠴᠠ | ᠵᠠᠶᠢᠯᠠᠰᠬᠢᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠳᠡᠳ᠋ | ᠳᠠᠷᠤᠭ᠎ᠠ ᠵᠠᠩ ᠬᠤᠩ ᠪᠥᠸᠧ ᠶᠢᠨ ᠲᠠᠨᠢᠯᠴᠠᠭᠤᠯᠤᠭᠰᠠᠨ ᠢᠶᠠᠷ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ | ᠣᠶᠢᠷ᠎ᠠ ᠶᠢᠨ ᠵᠢᠯ ᠳᠤ ᠳᠡᠭᠡᠳᠦ ᠱᠠᠲᠤᠨ ᠳᠠᠭᠠᠨ ᠲᠦᠰᠢᠭᠯᠡᠨ ᠬᠠᠪᠤᠳᠠᠷ ᠤᠨ ᠣᠯᠠᠨ ᠰᠢᠨᠵᠢᠯᠡᠭᠡᠨ ᠤ ᠡᠮᠴᠢᠯᠡᠭᠡᠨ ᠤ | ᠲᠥᠪ ᠪᠠᠶᠢᠭᠤᠯᠵᠤ᠂ ᠰᠢᠯᠤᠭᠤᠨ ᠬᠤᠷᠳᠤᠳᠬᠠᠭᠤᠷ ᠵᠡᠷᠭᠡ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠶᠢᠨ | ᠬᠠᠮᠲᠤ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ | ᠡᠮᠨᠡᠯᠭᠡ ᠶᠢᠨ ᠬᠤᠷᠢᠶ᠎ᠠ ᠲᠠᠢ ᠠᠯᠤᠰ ᠠᠴᠠ ᠬᠠᠮᠲᠤᠷᠠᠨ ᠣᠨᠣᠰᠢᠯᠠᠬᠤ ᠲᠣᠭᠲᠠᠴᠠ ᠶᠢ ᠪᠠᠶᠢᠭᠤᠯᠵᠤ᠂ ᠰᠢᠶᠠᠨ ᠤ | ᠬᠡᠪᠴᠢᠶᠡᠨ ᠤ ᠬᠠᠪᠤᠳᠠᠷ ᠤᠨ ᠡᠪᠡᠳᠴᠢᠲᠡᠨ ᠤ ︽ᠭᠡᠷ ᠤᠨ ᠡᠭᠦᠳᠡᠨ ᠳᠤ︾ ᠵᠢᠷᠤᠮᠵᠢᠭᠰᠠᠨ ᠡᠮᠴᠢᠯᠡᠭᠡ ᠶᠢ ᠭᠥᠯᠢᠶᠡᠨ | ᠠᠪᠬᠤ ᠶᠢ ᠪᠡᠶᠡᠯᠡᠭᠦᠯᠵᠡᠢ᠃ | | | | | | | | ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠮᠵᠢᠯᠴᠠᠬᠤ ᠨᠢᠭᠡᠴᠡ ᠪᠣᠯᠤᠭᠰᠠᠨ ᠤ ᠬᠤᠪᠢ ᠳᠤ᠂ | ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ | ᠬᠤᠷᠢᠶᠠᠨ ᠤ ᠲᠤᠰᠬᠠᠢ ᠮᠡᠷᠭᠡᠵᠢᠯᠲᠡᠨ ᠭᠠᠷᠠᠭ ᠪᠦᠷᠢ ᠳᠣᠷᠣᠭᠰᠢ ᠪᠠᠭᠤᠵᠤ ᠡᠪᠡᠳᠴᠢᠨ ᠡᠮᠨᠡᠭᠦᠯᠵᠦ᠂ ᠦᠨᠳᠦᠰᠦᠨ | ᠱᠠᠲᠤᠨ ᠤ ᠠᠵᠢᠯ ᠲᠥᠷᠥᠯ ᠤᠨ ᠨᠢᠭᠡᠴᠡ ᠶᠢᠨ ᠬᠦᠴᠦᠲᠡᠢ ᠳᠡᠮᠵᠢᠯᠭᠡ ᠳᠣᠣᠷ᠎ᠠ᠂ ᠲᠣᠭᠲᠠᠬᠤ ᠰᠢᠶᠠᠨ ᠤ | ᠡᠮᠨᠡᠯᠭᠡ ᠶᠢᠨ ᠬᠤᠷᠢᠶ᠎ᠠ ᠲᠣᠰ ᠵᠢᠯ ᠤᠨ ᠳᠣᠲᠣᠷ᠎ᠠ ᠬᠠᠪᠤᠳᠠᠷ ᠤᠨ ᠲᠡᠮᠳᠡᠭ ᠪᠣᠳᠠᠰ ᠢ ᠨᠡᠶᠢᠳᠡᠮ ᠰᠢᠯᠢᠬᠦ ᠲᠥᠷᠥᠯ | ᠵᠦᠢᠯ ᠢ ᠰᠢᠨ᠎ᠡ ᠪᠠᠷ ᠨᠡᠮᠡᠬᠦ ᠶᠢᠨ ᠬᠠᠮᠲᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠳᠤ ᠲᠦᠰᠢᠭᠯᠡᠨ | ᠨᠡᠶᠢᠭᠡᠮ ᠲᠣᠭᠤᠷᠢᠭ ᠤᠨ ᠪᠠᠶᠢᠩᠭᠤ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠡᠷᠡᠭᠦᠯ | ᠮᠡᠨᠳᠦ ᠶᠢᠨ ᠬᠠᠯᠬᠠᠪᠴᠢ ᠶᠢ ᠪᠠᠬᠢᠵᠢᠭᠦᠯᠬᠦ ᠪᠠᠷ ᠲᠥᠯᠥᠪᠯᠡᠵᠦ ᠪᠣᠶ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |