ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠤᠭᠰᠤᠭᠠᠵᠤ ᠲᠤᠭᠳᠠᠪᠦᠷᠢᠵᠢᠭᠤᠯᠬᠤ ᠶᠢ ᠠᠬᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2025/4/23
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠣᠶᠢᠷ᠎ᠠ ᠳᠤ ᠨᠡᠶᠢᠲᠡᠯᠡᠭᠰᠡᠨ ᠬᠠᠮᠤᠭ ᠤᠨ ᠰᠢᠨ᠎ᠡ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠶᠢᠨ ᠬᠤᠪᠢᠷᠠᠯᠲᠠ ᠶᠢᠨ ᠪᠠᠶᠢᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 3 ᠳ᠋ᠤᠭᠠᠷ ᠰᠠᠷ᠎ᠠ ᠳᠤ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠮᠠᠶᠢᠮᠠᠢ ᠬᠥᠭᠵᠢᠶᠡᠨᠲᠡᠢ ᠪᠣᠯᠵᠤ᠂ 70 ᠲᠣᠮᠣ ᠳᠤᠮᠳᠠ ᠬᠤᠲᠠ ᠶᠢᠨ ᠳᠣᠲᠣᠷ᠎ᠠ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠦᠭᠰᠡᠨ ᠬᠤᠲᠠ ᠶᠢᠨ ᠲᠤᠭ᠎ᠠ ᠨᠡᠮᠡᠭᠳᠡᠪᠡ︔ ᠨᠢᠭᠡᠳᠦᠭᠡᠷ ᠲᠡᠰ ᠤᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠥᠰᠴᠦ᠂ ᠬᠤᠶᠠᠳᠤᠭᠠᠷ ᠭᠤᠷᠪᠠᠳᠤᠭᠠᠷ ᠲᠡᠰ ᠤᠨ ᠬᠤᠲᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ ᠪᠠᠭᠤᠷᠠᠭᠰᠠᠨ ᠬᠡᠮᠵᠢᠶ᠎ᠡ ᠨᠢ ᠶᠡᠷᠦᠩᠬᠡᠢ ᠳᠡᠭᠡᠨ ᠪᠠᠭᠠᠰᠤᠭᠰᠠᠨ ᠪᠠᠶᠢᠨ᠎ᠠ︔ ᠡᠯ᠎ᠡ ᠲᠡᠰ ᠤᠨ ᠬᠤᠲᠠᠳ ᠤᠨ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠬᠡᠮᠵᠢᠶ᠎ᠡ ᠨᠢ ᠴᠥᠮ ᠦᠷᠭᠦᠯᠵᠢᠯᠡᠨ ᠪᠠᠭᠠᠰᠴᠠᠢ᠃      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ 3 ᠳ᠋ᠤᠭᠠᠷ ᠰᠠᠷ᠎ᠠ ᠳᠤ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1% ᠪᠠᠷ ᠥᠰᠴᠦ᠂ ᠥᠰᠦᠯᠲᠡ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠲᠠᠢ ᠠᠳᠠᠯᠢ᠃ ᠡᠭᠦᠨ ᠳᠤ᠂ ᠱᠠᠩᠬᠠᠢ ᠪᠣᠯᠣᠨ ᠱᠧᠨᠵᠧᠨ ᠲᠣᠰ ᠲᠣᠰ 0.7% ᠪᠠ 0.1% ᠪᠠᠷ ᠥᠰᠴᠦ᠂ ᠪᠡᠭᠡᠵᠢᠩ ᠪᠣᠯᠣᠨ ᠭᠤᠸᠠᠩᠵᠸᠦ ᠲᠣᠰ ᠲᠣᠰ 0.2% ᠪᠠ 0.1% ᠪᠠᠷ ᠪᠠᠭᠤᠷᠠᠪᠠ᠃ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.1% ᠪᠠᠷ ᠪᠠᠭᠤᠷᠠᠵᠤ ᠪᠠᠶᠢᠭᠰᠠᠨ ᠠᠴᠠ ᠪᠠᠨ 0.2% ᠢᠶᠠᠷ ᠥᠰᠪᠡ᠃ ᠡᠭᠦᠨ ᠳᠤ᠂ ᠪᠡᠭᠡᠵᠢᠩ᠂ ᠱᠠᠩᠬᠠᠢ᠂ ᠱᠧᠨᠵᠧᠨ ᠲᠣᠰ ᠲᠣᠰ 0.5%᠂ 0.4% ᠪᠠ 0.3% ᠪᠠᠷ ᠥᠰᠴᠦ᠂ ᠭᠤᠸᠠᠩᠵᠸᠦ 0.2% ᠢᠶᠠᠷ ᠪᠠᠭᠤᠷᠠᠪᠠ᠃       ᠬᠤᠶᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠨᠢ ᠲᠦᠷᠦᠭᠦᠸ ᠰᠠᠷ᠎ᠠ ᠶᠢᠨ ᠬᠢ ᠲᠠᠢ ᠠᠳᠠᠯᠢ᠂ ᠭᠠᠷ ᠳᠠᠮᠵᠢᠭᠰᠠᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠲᠠᠢ ᠬᠠᠷᠢᠴᠠᠭᠤᠯᠪᠠᠯ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠪᠠᠭᠠᠰᠴᠠᠢ       ᠭᠤᠷᠪᠠᠳᠤᠭᠠᠷ ᠲᠡᠰ ᠤᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 0.1 ᠵᠠᠭᠤᠨ ᠤ ᠨᠢᠭᠡᠴᠢ ᠪᠠᠭᠠᠰᠴᠤ᠂ ᠭᠠᠷ ᠳᠠᠮᠵᠢᠭᠰᠠᠨ ᠣᠷᠣᠨ ᠰᠠᠭᠤᠴᠠ ᠵᠢᠨ‌‍ᠪᠣᠷᠣᠯᠠᠭᠤᠯᠤᠯᠲᠠ ᠶᠢᠨ ᠦᠨ᠎ᠡ ᠲᠦᠷᠦᠭᠦᠸ ᠰᠠᠷ᠎ᠠ ᠶᠢᠨ ᠬᠢ ᠠᠴᠠ 0.3% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 0.1 ᠵᠠᠭᠤᠨ ᠤ ᠨᠢᠭᠡᠴᠢ ᠪᠠᠭᠠᠰᠪᠠ᠃      ᠣᠳᠣᠬᠠᠨ ᠳᠤ᠂ ᠡᠯ᠎ᠡ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠪᠤᠷᠢᠵᠢᠭᠤᠯᠬᠤ ᠶᠢ ᠠᠬᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠪᠠᠶᠢᠨ᠎ᠠ᠃ ᠵᠦᠩ ᡁᠢ ᠰᠤᠳᠤᠯᠭᠠᠨ ᠤ ᠬᠦᠷᠢᠶᠡᠯᠡᠩ ᠤᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠴᠠᠭᠠᠨ ᠰᠠᠷ᠎ᠠ ᠠᠴᠠ ᠰᠡᠭᠦᠯᠡᠷ᠂ ᠴᠢᠨᠠᠷ ᠰᠠᠶᠢᠲᠠᠢ ᠲᠦᠷᠦᠯ ᠵᠦᠢᠯ ᠤᠨ ᠬᠠᠩᠭᠠᠯᠭ᠎ᠠ ᠶᠢᠨ ᠨᠡᠮᠡᠭᠳᠡᠯ ᠵᠢᠴᠢ ᠤᠯᠠᠮᠵᠢᠯᠠᠯᠲᠤ ᠪᠣᠷᠤᠯᠠᠭᠤᠯᠭ᠎ᠠ ᠶᠢᠨ ᠤᠯᠠᠷᠢᠯ ᠤᠨ ᠳᠠᠶᠢᠴᠢᠯᠠᠯᠲᠠ ᠳᠣᠣᠷ᠎ᠠ᠂ ᠨᠢᠭᠡᠳᠦᠭᠡᠷ ᠲᠡᠰ ᠤᠨ ᠬᠤᠲᠠ ᠶᠢᠨ ᠰᠢᠨ᠎ᠡ ᠭᠡᠷ ᠪᠠᠶᠢᠰᠢᠩ᠂ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠰᠠᠶᠢᠵᠢᠷᠠᠬᠤ ᠬᠠᠨᠳᠤᠰᠢ ᠲᠠᠢ ᠪᠠᠶᠢᠨ᠎ᠠ᠃       ᠨᠢᠭᠡᠳᠦᠭᠡᠷ ᠲᠡᠰ ᠤᠨ ᠬᠤᠳᠠ ᠶᠢᠨ ᠢᠳᠡᠪᠬᠢᠴᠡ ᠨᠡᠩ ᠮᠡᠳᠡᠭᠳᠡᠮ᠎ᠡ ᠳᠡᠭᠡᠭᠰᠢᠯᠡᠪᠡ᠃ ᠪᠡᠭᠡᠵᠢᠩ ᠤᠨ ᠯᠢᠶᠠᠨ ᠵᠢᠶᠠ ᠰᠤᠳᠤᠯᠭᠠᠨ ᠤ ᠬᠦᠷᠢᠶᠡᠯᠡᠩ ᠤᠨ ᠵᠠᠳᠠᠯᠤᠭᠴᠢ ᠶᠦᠸᠧ ᠸᠧᠢ᠂ 3 ᠳ᠋ᠤᠭᠠᠷ ᠰᠠᠷ᠎ᠠ ᠳᠤ᠂ ᠪᠡᠭᠡᠵᠢᠩ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ︵ᠬᠠᠮᠲᠤ ᠶᠢᠨ ᠦᠮᠴᠢᠯᠡᠯᠳᠦ ᠡᠷᠬᠡ ᠪᠦᠬᠦᠢ ᠣᠷᠣᠨ ᠰᠠᠭᠤᠴᠠ ᠪᠠᠭᠲᠠᠬᠤ ᠦᠭᠡᠢ︶ 4151 ᠢᠵᠢ ᠠᠷᠠᠯᠵᠢᠶ᠎ᠠ ᠲᠣᠬᠢᠷᠠᠵᠤ᠂ ᠠᠳᠠᠯᠢ ᠬᠤᠭᠤᠴᠠᠭᠠᠨ ᠤ ᠬᠢ ᠠᠴᠠ 51.7% ᠪᠠᠷ ᠥᠰᠴᠦ᠂ ᠲᠦᠷᠦᠭᠦᠸ ᠰᠠᠷ᠎ᠠ ᠶᠢᠨ ᠬᠢ ᠠᠴᠠ 107% ᠪᠠᠷ ᠥᠰᠴᠦ᠂ ᠠᠷᠠᠯᠵᠢᠶ᠎ᠠ ᠪᠦᠲᠦᠭᠰᠡᠨ ᠬᠡᠮᠵᠢᠶ᠎ᠡ ᠨᠢ ᠨᠢᠳᠤᠨᠤᠨ ᠤ 10 ᠳ᠋ᠤᠭᠠᠷ ᠰᠠᠷ᠎ᠠ ᠶᠢᠨ ᠠᠷᠠᠯᠵᠢᠶ᠎ᠠ ᠪᠦᠲᠦᠭᠰᠡᠨ ᠬᠢᠷᠢ ᠲᠦᠪᠰᠢᠨ ᠳᠤ ᠣᠶᠢᠷᠠᠲᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠡᠭᠡᠵᠢᠩ ᠬᠤᠲᠠ ᠶᠢᠨ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠤᠭ᠎ᠠ 19234 ᠢᠵᠢ ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 62.0% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 34.7% ᠨᠡᠮᠡᠭᠳᠡᠵᠡᠢ᠃ 3 ᠳ᠋ᠤᠭᠠᠷ ᠰᠠᠷ᠎ᠠ ᠳᠤ ᠭᠠᠷ ᠳᠠᠮᠵᠢᠭᠰᠠᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠬᠡᠮᠵᠢᠶ᠎ᠡ ᠨᠢ 24 ᠰᠠᠷ᠎ᠠ ᠰᠢᠬᠠᠮ ᠤᠨ ᠲᠤᠷᠰᠢᠬᠢ ᠬᠤᠶᠠᠳᠤᠭᠠᠷ ᠥᠨᠳᠥᠷ ᠬᠢᠷᠢ ᠲᠦᠪᠰᠢᠨ ︵2024 ᠣᠨ ᠤ 12 ᠳ᠋ᠤᠭᠠᠷ ᠰᠠᠷ᠎ᠠ ᠶᠢᠨ ᠳᠠᠷᠠᠭ᠎ᠠ ᠯᠠ ᠣᠷᠣᠨ᠎ᠠ︶ ᠢ ᠡᠭᠦᠳᠴᠦ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠬᠡᠮᠵᠢᠶ᠎ᠡ ᠶᠡᠭᠡ ᠪᠠᠷ ᠨᠡᠮᠡᠭᠳᠡᠭᠰᠡᠨ ᠨᠢ ᠴᠠᠭᠠᠨ ᠰᠠᠷ᠎ᠠ ᠶᠢᠨ ᠳᠠᠷᠠᠭᠠᠬᠢ ᠵᠠᠬ᠎ᠠ ᠳᠡᠯᠭᠡᠭᠦᠷ ᠤᠨ ᠬᠠᠯᠠᠭᠤᠷᠠᠯ ᠤᠨ ᠦᠷᠭᠦᠯᠵᠢᠯᠡᠭᠰᠡᠨ ᠢ ᠬᠠᠷᠠᠭᠤᠯᠵᠤ ᠪᠠᠶᠢᠨ᠎ᠠ ᠭᠡᠵᠡᠢ᠃      ᠠᠷᠠᠯᠵᠢᠶ᠎ᠠ ᠪᠦᠲᠦᠬᠦ ᠠᠴᠠ ᠭᠠᠳᠠᠨ᠎ᠠ᠂ ᠮᠠᠰᠢ ᠣᠯᠠᠨ ᠬᠤᠲᠠ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠴᠦ ᠮᠠᠰᠢ ᠬᠥᠭᠵᠢᠶᠡᠨ ᠲᠠᠢ ᠪᠤᠯᠵᠠᠢ᠃ ᠡᠨᠡ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠢᠷᠡᠭᠡᠳᠦᠢ ᠶᠢᠨ ᠵᠠᠬ᠎ᠠ ᠳᠡᠯᠭᠡᠭᠦᠷ ᠲᠤ ᠢᠲᠡᠭᠡᠯ ᠵᠣᠷᠢᠭ ᠨᠢ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠪᠠᠶᠢᠳᠠᠯ ᠶᠠᠭ ᠰᠠᠶᠢᠵᠢᠷᠠᠬᠤ ᠬᠠᠨᠳᠤᠰᠢ ᠲᠠᠢ ᠪᠤᠯᠤᠭᠰᠠᠨ ᠢ ᠬᠠᠷᠠᠭᠤᠯᠵᠤ ᠪᠤᠯᠤᠨ᠎ᠠ᠃ ᠵᠦᠩ ᡁᠢ ᠰᠤᠳᠤᠯᠭᠠᠨ ᠤ ᠬᠦᠷᠢᠶᠡᠯᠡᠩ ᠤᠨ ᠭᠦᠢᠴᠡᠳᠭᠡᠯ ᠲᠤᠭ᠎ᠠ ᠶᠢᠨ ᠰᠤᠳᠤᠯᠭᠠᠨ ᠤ ᠬᠡᠯᠲᠡᠰ ᠤᠨ ᠶᠡᠷᠦᠩᠬᠡᠢ ᠳᠠᠭᠠᠭᠠᠮᠠᠯ ᠼᠤᠤ ᠵᠢᠩ ᠵᠢᠩ ᠤᠨ ᠦᠵᠡᠬᠦ ᠪᠠᠷ᠂ ᠭᠤᠣᠯ ᠪᠣᠯᠬᠤ ᠬᠤᠲᠠ ᠶᠢᠨ ᠭᠠᠵᠠᠷ ᠰᠢᠷᠣᠢ ᠶᠢᠨ ᠦᠨ᠎ᠡ ᠬᠠᠩᠰᠢ ᠨᠡᠮᠡᠭᠳᠡᠵᠦ ᠪᠠᠶᠢᠬᠤ ᠶᠢᠨ ᠰᠢᠯᠲᠠᠭᠠᠨ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠤᠯᠠᠭᠤᠯᠭ᠎ᠠ ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢ ᠱᠠᠲᠤ ᠦᠶᠡᠴᠢ ᠴᠢᠨᠠᠷᠲᠠᠢ ᠪᠠᠷ ᠲᠣᠭᠲᠠᠪᠤᠷᠢᠵᠢᠬᠤ ᠶᠢ ᠳᠠᠭᠠᠯᠳᠤᠨ ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠭᠤᠣᠯ ᠪᠣᠯᠬᠤ ᠬᠤᠲᠠ ᠶᠢᠨ ᠰᠢᠨ᠎ᠡ ᠭᠡᠷ ᠪᠠᠶᠢᠰᠢᠩ ᠤᠨ ᠪᠣᠷᠤᠯᠠᠭᠤᠯᠭ᠎ᠠ ᠢᠳᠡᠭᠡᠯ ᠲᠠᠢ ᠪᠠᠶᠢᠵᠦ᠂ ᠬᠠᠳᠠᠭᠠᠯᠠᠯᠳᠠ ᠶᠢ ᠨᠡᠮᠡᠭᠳᠡᠭᠦᠯᠬᠦ ᠬᠦᠰᠡᠯ ᠨᠡᠯᠢᠶᠡᠳ ᠥᠨᠳᠥᠷ ᠪᠣᠯᠤᠭᠰᠠᠨ ᠳᠤ ᠣᠷᠣᠰᠢᠨ᠎ᠠ᠃ ᠡᠭᠦᠨ ᠤ ᠬᠠᠮᠲᠤ᠂ ᠵᠢᠯ ᠤᠨ ᠡᠬᠢᠨ ᠳᠤ ᠭᠠᠵᠠᠷ ᠰᠢᠷᠣᠢ ᠶᠢ ᠲᠤᠬᠠᠢ ᠶᠢᠨ ᠵᠢᠯ ᠳᠤ ᠪᠣᠷᠣᠯᠠᠭᠤᠯᠬᠤ ᠱᠠᠲᠤᠨ ᠳᠤ ᠣᠷᠣᠭᠤᠯᠵᠤ᠂ ᠪᠡᠯᠡ ᠮᠥᠩᠭᠦ ᠶᠢ ᠡᠭᠡᠭᠦᠯᠦᠨ ᠬᠤᠷᠢᠶᠠᠵᠤ᠂ ᠡᠷᠭᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃       ᠵᠧᠵᠢᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠹᠧᠨ ᠤ ᠦᠵᠡᠬᠦ ᠪᠠᠷ᠂ ᠡᠯ᠎ᠡ ᠭᠠᠵᠠᠷ ᠤᠨ ᠬᠢᠨ ᠬᠠᠩᠭᠠᠯᠭ᠎ᠠ ᠶᠢᠨ ᠪᠦᠲᠦᠴᠡ ᠪᠠᠨ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠵᠤ᠂ ᠭᠤᠣᠯᠯᠠᠭᠴᠢ ᠣᠷᠣᠨ ᠪᠦᠰᠡ ᠶᠢᠨ ᠴᠢᠨᠠᠷ ᠰᠠᠶᠢᠲᠠᠢ ᠭᠠᠵᠠᠷ ᠰᠢᠷᠣᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠮᠠᠰᠢ ᠤᠯᠠᠨ ︽ᠵᠢᠵᠢᠭ ᠮᠥᠷᠲᠡᠭᠡᠨ ᠰᠠᠶᠢᠬᠠᠨ︾ ᠭᠠᠵᠠᠷ ᠰᠢᠷᠣᠢ ᠶᠢ ᠬᠠᠩᠭᠠᠪᠠ᠃ ᠬᠠᠩᠵᠧᠦ ᠪᠠᠷ ᠵᠢᠱᠢᠶᠡᠯᠡᠪᠡᠯ᠂ ᠡᠨᠡ ᠵᠢᠯ ᠤᠨ ᠨᠢᠭᠡᠨᠲᠡ ᠰᠢᠯᠵᠢᠭᠦᠯᠦᠨ ᠬᠤᠳᠠᠯᠳᠤᠭᠰᠠᠨ 20 ᠲᠠᠸᠠᠷ ᠤᠨ ᠣᠷᠣᠨ ᠰᠠᠭᠤᠴᠠ ᠶᠢᠨ ᠭᠠᠵᠠᠷ ᠰᠢᠷᠣᠢ ᠶᠢᠨ ᠳᠣᠲᠣᠷ᠎ᠠ᠂ 90% ᠶᠢᠨ ᠭᠠᠵᠠᠷ ᠰᠢᠷᠣᠢ ᠶᠢᠨ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠶ  ᠨᠢ 9 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠦᠭᠡᠢ᠂ ᠡᠲᠡᠭᠡᠷ ᠭᠠᠵᠠᠷ ᠰᠢᠷᠣᠢ ᠨᠢ ᠢᠵᠢ ᠪᠦᠷᠢᠨ ᠂ ᠪᠠᠭᠲᠠᠭᠠᠮᠵᠢ ᠶᠢᠨ ᠨᠣᠷᠮ᠎ᠠ ᠨᠢ ᠲᠣᠬᠢᠷᠠᠮᠵᠢᠲᠠᠢ ᠪᠠᠶᠢᠵᠤ᠂ ᠴᠢᠨᠠᠷ ᠰᠠᠶᠢᠲᠠᠢ ᠣᠷᠣᠨ ᠰᠠᠭᠤᠴᠠ ᠶᠢ ᠨᠡᠭᠡᠭᠡᠨ ᠬᠥᠭᠵᠢᠭᠦᠯᠬᠦ ᠳᠤ ᠨᠠᠩ ᠲᠣᠬᠢᠷᠠᠮᠵᠢᠲᠠᠢ ᠶᠤᠮ᠃       ᠣᠳᠣᠬᠠᠨ ᠳᠤ ᠡᠯ᠎ᠡ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠪᠠᠶᠢᠨ᠎ᠠ᠃ ᠵᠢᠱᠢᠶᠡᠯᠡᠪᠡᠯ᠂ ᠣᠯᠠᠨ ᠭᠠᠵᠠᠷ ᠤᠨ ᠬᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠪᠠᠶᠢᠨ᠎ᠠ᠂ ᠰᠢᠯᠢᠳᠡᠭᠵᠢᠭᠦᠯᠬᠦ ᠴᠢᠭᠯᠡᠯ ᠳᠤ ᠭᠤᠣᠯᠳᠠᠭᠤ ᠠᠩᠬᠠᠨ ᠤ ᠢᠵᠢ ᠭᠡᠷ ᠪᠠᠶᠢᠰᠢᠩ᠂ ᠬᠤᠶᠠᠳᠤᠭᠠᠷ ᠢᠵᠢ ᠭᠡᠷ ᠪᠠᠶᠢᠰᠢᠩ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠣᠷᠣᠨ ᠰᠠᠭᠤᠴᠠ ᠶᠢᠨ ᠢᠵᠢ ᠲᠤᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠠᠩᠬᠠᠨ ᠤ ᠲᠤᠰᠢᠶᠠᠬᠤ ᠮᠦᠩᠭᠦ ᠳᠤ ᠬᠡᠷᠡᠭᠡᠯᠡᠬᠦ ᠶᠢ ᠰᠢᠯᠢᠳᠡᠭᠵᠢᠭᠦᠯᠪᠡ᠃ ᠡᠭᠦᠨ ᠠᠴᠠ ᠭᠠᠳᠠᠨ᠎ᠠ᠂ ᠵᠠᠷᠢᠮ ᠬᠤᠲᠠ ᠶᠢᠨ ᠬᠢᠨ ᠪᠠᠰᠠ ᠣᠨᠴᠠᠯᠢᠭᠲᠤ ᠮᠥᠩᠭᠦᠨ ᠭᠦᠢᠯᠭᠡᠭᠡᠨ ᠤ ᠦᠢᠯᠡᠳᠬᠦᠨ ᠭᠠᠷᠭᠠᠵᠤ᠂ ᠵᠠᠷᠢᠮ ᠬᠤᠲᠠ ᠶᠢᠨ ᠬᠢᠨ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠂ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠃       ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠥᠷᠥ ᠶᠢᠨ ᠪᠣᠳᠣᠯᠭ᠎ᠠ ᠶᠢᠨ ᠦᠢᠯᠡᠳᠦᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠪᠠᠭᠤᠷᠠᠯᠲᠠ ᠵᠤᠭᠰᠤᠵᠤ ᠲᠣᠭᠲᠠᠭᠤᠨ ᠪᠠᠶᠢᠳᠠᠯ ᠳᠤ ᠣᠷᠣᠵᠤ᠂ ᠵᠠᠬ᠎ᠠ ᠳᠡᠯᠭᠡᠭᠦᠷ ᠤᠨ ᠠᠷᠠᠯᠵᠢᠶ᠎ᠠ ᠦᠷᠭᠦᠯᠵᠢᠯᠡᠨ ᠰᠠᠶᠢᠵᠢᠷᠠᠪᠠ᠃ ᠨᠢᠳᠤᠨᠤᠨ ᠤ ᠳᠥᠷᠪᠡᠳᠦᠭᠡᠷ ᠤᠯᠠᠷᠢᠯ ᠠᠴᠠ ᠨᠠᠰᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠢ ᠣᠯᠠᠨ ᠲᠥᠷᠥ ᠶᠢᠨ ᠪᠣᠳᠣᠯᠭ᠎ᠠ ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢ ᠰᠠᠶᠢᠵᠢᠷᠠᠭᠤᠯᠤᠨ᠂ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠵᠤ᠂ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠴᠢᠭᠯᠡᠭᠦᠯᠦᠨ ︽ᠴᠠᠭᠠᠨ ᠨᠡᠷᠡᠰ︾ ᠤᠨ ᠳᠦᠷᠢᠮ ᠢ ᠳᠤᠷᠠᠳᠤᠨ ᠭᠠᠷᠭᠠᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠡᠮᠵᠢᠯᠭᠡ ᠦᠵᠡᠭᠦᠯᠪᠡ᠃ ᠶᠡᠷᠦᠩᠬᠡᠢ ᠳᠤᠨᠢ ᠠᠪᠴᠤ ᠦᠵᠡᠪᠡᠯ᠂ ᠲᠥᠷᠥ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠴᠢᠩᠭᠠᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠡᠳᠦᠢ ᠲᠡᠳᠦᠢ ᠰᠠᠶᠢᠵᠢᠷᠠᠭᠰᠠᠨ ᠪᠠᠶᠢᠨ᠎ᠠ       ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠮᠥᠨ ᠬᠦ ᠲᠣᠬᠢᠷᠠᠭᠤᠯᠤᠯᠲᠠ ᠶᠢᠨ ᠱᠠᠲᠤᠨ ᠳᠤ ᠣᠷᠣᠰᠢᠵᠤ᠂ ᠬᠡᠷᠡᠭᠴᠡᠭᠡ ᠱᠠᠭᠠᠷᠳᠠᠯᠭ᠎ᠠ ᠶᠢ ᠪᠠᠰᠠ ᠤᠯᠠᠮ ᠨᠢᠭᠡ ᠠᠯᠬᠤᠮ ᠰᠤᠯᠠᠯᠠᠬᠤ ᠴᠢᠬᠤᠯᠠᠳᠠᠢ ᠪᠠᠶᠢᠨ᠎ᠠ᠃ ᠲᠤᠰᠬᠠᠢ ᠮᠡᠷᠭᠡᠵᠢᠯᠲᠡᠨ ᠰᠠᠨᠠᠭᠤᠯᠬᠤ ᠳᠠᠭᠠᠨ᠂ ᠢᠷᠡᠭᠡᠳᠦᠢ ᠳᠤ ᠡᠯ᠎ᠡ ᠭᠠᠵᠠᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠶᠢ ᠠᠬᠢᠭᠤᠯᠬᠤ ᠲᠤᠬᠠᠢ ᠲᠥᠪ ᠤᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠪᠣᠶ ᠪᠣᠯᠭᠠᠵᠤ᠂ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1