ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ | ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 23 | ᠤ ᠡᠳᠦᠷ᠂ ᠡᠪᠯᠡᠯ ᠤᠨ ᠰᠢᠶᠠᠨ ᠤ ᠬᠤᠷᠢᠶ᠎ᠠ ᠨᠡᠶᠢᠭᠡᠮ ᠤᠨ ᠠᠵᠢᠯ ᠤᠨ ᠬᠡᠯᠲᠡᠰ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠲᠠᠢ ᠬᠠᠮᠲᠤᠷᠠᠨ ︽ᠭᠤᠣᠯ ᠤᠨ ᠲᠠᠩ ᠭᠠᠵᠠᠷ ᠢ ᠴᠡᠪᠡᠷᠯᠡᠬᠦ ᠪᠤᠯ ᠴᠢ | ᠪᠢᠳᠡᠨ ᠤ ᠬᠠᠷᠢᠭᠤᠴᠠᠯᠭ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠡᠢ᠃ ᠲᠤᠰ | ᠠᠵᠢᠯᠯᠠᠭ᠎ᠠ ᠨᠢ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠨᠡᠶᠢᠭᠡᠮ ᠤᠨ ᠠᠵᠢᠯ ᠤᠨ ᠬᠡᠯᠳᠡᠰ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ 140 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠪᠠᠷ | ᠪᠦᠷᠢᠯᠳᠦᠭᠰᠡᠨ ᠦᠢᠯᠡᠴᠢᠯᠡᠭᠡᠨ ᠤ ᠡᠩᠨᠡᠭᠡ ᠶᠢ ᠪᠦᠷᠢᠯᠳᠦᠭᠦᠯᠵᠡᠢ᠃ ᠰᠠᠶᠢᠨ ᠳᠤᠷ᠎ᠠ ᠶᠢᠨ ᠠᠵᠢᠯᠯᠠᠭᠴᠢᠳ ᠬᠤᠭ | ᠨᠣᠪᠰᠢ ᠶᠢᠨ ᠤᠭᠤᠲᠠ᠂ ᠬᠤᠭ ᠨᠣᠪᠰᠢ ᠶᠢᠨ ᠬᠠᠪᠴᠢᠭᠤᠷ᠂ ᠪᠡᠭᠡᠯᠡᠢ ᠵᠡᠷᠭᠡ ᠪᠠᠭᠠᠵᠢ ᠬᠡᠷᠡᠭᠰᠡᠯ ᠢ ᠲᠣᠬᠢᠷᠠᠭᠤᠯᠵᠤ᠂ | ᠲᠠᠩ ᠭᠠᠵᠠᠷ ᠢ ᠪᠦᠬᠦ ᠲᠠᠯ᠎ᠠ ᠪᠠᠷ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠳᠤᠨ ᠭᠤᠣᠯ ᠤᠨ ᠡᠷᠭᠢ | ᠳᠠᠭᠠᠤ ᠶᠢᠨ ᠣᠷᠴᠢᠨ ᠲᠣᠭᠤᠷᠢᠨ ᠢ ᠰᠠᠶᠢᠵᠢᠷᠠᠭᠤᠯᠪᠠ᠃ | ᠡᠭᠦᠨ ᠤ ᠵᠡᠷᠭᠡ ᠳᠤ ᠲᠣᠰ ᠠᠵᠢᠯᠯᠠᠭ᠎ᠠ ᠳᠤ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠵᠢᠴᠢ | ᠣᠷᠴᠢᠨ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠵᠡᠷᠭᠡ ᠠᠭᠤᠯᠭ᠎ᠠ ᠶᠢ ᠪᠠᠭᠲᠠᠭᠠᠭᠰᠠᠨ 1000 ᠬᠤᠪᠢ | ᠣᠷᠴᠢᠨ ᠠᠬᠤᠢ ᠶᠢᠨ ᠬᠠᠮᠠᠭᠠᠯᠠᠯᠲᠠ ᠶᠢᠨ ᠭᠠᠷ ᠳᠡᠪᠲᠡᠷ ᠵᠣᠬᠢᠶᠠᠵᠤ᠂ ᠣᠶᠢᠷ᠎ᠠ ᠬᠠᠪᠢ ᠶᠢᠨ ᠣᠯᠠᠨ ᠲᠦᠮᠡᠨ ᠳᠤ | ᠦᠨ᠎ᠡ ᠲᠥᠯᠥᠪᠦᠷᠢ ᠦᠭᠡᠢ ᠪᠠᠷ ᠲᠠᠷᠬᠠᠭᠠᠨ ᠥᠭᠴᠦ᠂ ᠣᠯᠠᠨ ᠲᠦᠮᠡᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ | ᠤᠬᠠᠮᠰᠠᠷ ᠢ ᠳᠡᠭᠡᠭᠰᠢᠯᠡᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠰᠠᠶᠢᠨ ᠳᠤᠷ᠎ᠠ ᠠᠴᠠ ᠪᠠᠨ ᠬᠡᠷᠡᠯ ᠵᠢᠷᠤᠭ | ᠲᠠᠲᠠᠵᠤ᠂ ᠵᠢᠷᠭᠢᠶ᠎ᠡ ᠶᠢᠨ ᠪᠦᠯᠦᠭᠯᠡᠯ᠂ ᠨᠠᠶᠢᠵᠢ ᠨᠠᠷ ᠤᠨ ᠲᠣᠭᠤᠷᠢᠭ ᠲᠤ ᠬᠠᠳᠤᠨ ᠭᠤᠣᠯ ᠤᠨ ᠦᠵᠡᠰᠬᠦᠯᠡᠩᠲᠦ | ᠰᠠᠶᠢᠬᠠᠨ ᠦᠵᠡᠮᠵᠢ ᠶᠢ ᠳᠡᠯᠭᠡᠨ ᠦᠵᠡᠭᠦᠯᠵᠦ᠂ ᠤᠯᠠᠨ ᠨᠡᠶᠢᠲᠡ ᠶᠢᠨ ᠬᠠᠳᠤᠨ ᠭᠤᠣᠯ ᠤᠨ ᠬᠠᠮᠠᠭᠠᠯᠠᠯᠲᠠ ᠳᠤ | ᠠᠩᠬᠠᠷᠤᠯ ᠲᠠᠯᠪᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠤᠯᠠᠨ ᠬᠥᠮᠥᠰ ᠤᠨ ᠣᠷᠴᠢᠨ ᠲᠣᠭᠤᠷᠢᠨ ᠢ | ᠬᠠᠮᠠᠭᠠᠯᠠᠬᠤ ᠠᠵᠢᠯᠯᠠᠭ᠎ᠠ ᠳᠤ ᠣᠷᠣᠯᠴᠠᠬᠤ ᠶᠢ ᠤᠷᠢᠶᠠᠯᠠᠪᠠ᠃ ︽ᠡᠨᠡ ᠤᠳᠠᠭ᠎ᠠ ᠶᠢᠨ ᠠᠵᠢᠯᠯᠠᠭ᠎ᠠ ᠪᠠᠷ ᠳᠡᠮᠵᠢᠨ᠂ | ᠣᠯᠠᠨ ᠢᠶᠠᠷ ᠢᠶᠠᠨ ᠬᠠᠳᠤᠨ ᠭᠤᠣᠯ ᠢ ᠬᠠᠮᠠᠭᠠᠯᠠᠬᠤ ᠠᠵᠢᠯᠯᠠᠭ᠎ᠠ ᠳᠤ ᠪᠡᠶ᠎ᠡ ᠪᠠᠷ ᠢᠶᠠᠨ ᠣᠷᠣᠯᠴᠠᠵᠤ᠂ ︿ᠬᠠᠳᠤᠨ | ᠭᠤᠣᠯ ᠢ ᠬᠠᠮᠠᠭᠠᠯᠠᠬᠤ﹀ ᠶᠢ ᠵᠥᠪᠬᠡᠨ ᠤᠷᠢᠶ᠎ᠠ ᠶᠢᠨ ᠳᠠᠪᠬᠤᠷᠭ᠎ᠠ ᠳᠤ ᠵᠣᠭᠰᠣᠩᠭᠢᠷᠠᠭᠤᠯᠬᠤ ᠪᠢᠰᠢ᠂ ᠬᠠᠷᠢᠨ ᠪᠣᠳᠠᠲᠤ | ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠦᠨ᠎ᠡ᠂ ᠢᠷᠡᠭᠡᠳᠦᠢ ᠳᠤ ᠪᠢᠳᠡ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠬᠠᠳᠤᠨ ᠭᠤᠣᠯ ᠢ ᠰᠠᠬᠢᠨ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ | ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠠᠵᠢᠯᠲᠠᠨ ᠯᠢᠦ ᠺᠧ ᠰᠤᠷᠪᠤᠯᠵᠢᠯᠠᠭᠴᠢ ᠳᠤ ᠬᠡᠯᠡᠪᠡ᠃ | ︽ᠪᠢᠳᠡ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠱᠤᠭᠤᠮ ᠤᠨ ᠡᠷᠬᠢᠨ | ᠲᠣᠭᠤᠷᠢᠨ ᠤ ᠲᠠᠩ ᠭᠠᠵᠠᠷ ᠲᠤ ᠬᠡᠪᠢᠰ ᠮᠠᠶ᠋ᠢᠭ ᠤᠨ ᠴᠡᠪᠡᠷᠯᠡᠯᠲᠡ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠲᠤᠨ | ᠭᠤᠣᠯ ᠤᠨ ᠡᠷᠭᠢ ᠳᠠᠭᠠᠤ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠥᠬᠦᠷᠰᠡᠭ ᠬᠠᠶᠢᠷ᠎ᠠ ᠪᠠᠨ ᠡᠷᠭᠦᠵᠦ | ᠬᠠᠷᠢᠯᠴᠠᠨ ᠬᠠᠪᠰᠤᠷᠤᠯᠴᠠᠬᠤ ᠳᠠᠪᠰᠢᠩᠭᠤᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ | ᠪᠠᠳᠠᠷᠠᠭᠤᠯᠤᠨ᠎ᠠ︾ ᠭᠡᠵᠦ ᠲᠣᠭᠲᠠᠬᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠲᠥᠪ ᠤᠨ ᠺᠠᠳ᠋ᠷ ᠶᠠᠩ ᠶᠠᠨ ᠷᠦ᠋ ᠰᠤᠷᠪᠤᠯᠵᠢᠯᠠᠭᠴᠢ ᠳᠤ ᠬᠡᠯᠡᠪᠡ᠃ | ᠡᠨᠡ ᠤᠳᠠᠭ᠎ᠠ ᠶᠢᠨ ︽ᠭᠤᠣᠯ ᠤᠨ ᠲᠠᠩ ᠭᠠᠵᠠᠷ ᠢ ᠴᠡᠪᠡᠷᠯᠡᠬᠦ ᠪᠤᠯ ᠴᠢ ᠪᠢᠳᠡᠨ ᠤ ᠬᠠᠷᠢᠭᠤᠴᠠᠯᠭ᠎ᠠ︾ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠲᠤᠨ | ᠭᠤᠣᠯ ᠤᠨ ᠠᠷᠢᠭᠤᠨ ᠴᠡᠪᠡᠷ ᠪᠠ ᠦᠵᠡᠰᠬᠦᠯᠡᠩᠲᠦ ᠰᠠᠶᠢᠬᠠᠨ ᠢ ᠬᠠᠮᠠᠭᠠᠯᠠᠬᠤ ᠳᠤ ᠪᠠᠲᠤ ᠴᠢᠩᠭ᠎ᠠ ᠰᠠᠶᠢᠨ | ᠳᠤᠷ᠎ᠠ ᠶᠢᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠲᠡᠷᠡ ᠨᠢ ᠬᠠᠲᠤᠨ ᠭᠤᠣᠯ ᠤᠨ ᠠᠮᠢ ᠠᠬᠤᠢ ᠶᠢᠨ ᠣᠷᠴᠢᠨ | ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠬᠥᠮᠥᠰ ᠤᠨ ᠰᠡᠳᠬᠢᠯ ᠳᠤ ᠣᠷᠴᠢᠨ | ᠲᠣᠭᠤᠷᠢᠨ ᠢ ᠬᠠᠮᠠᠭᠠᠯᠠᠬᠤ ᠦᠷ᠎ᠡ ᠳᠠᠷᠢᠵᠤ᠂ ᠬᠠᠳᠤᠨ ᠭᠤᠣᠯ ᠢ ᠬᠠᠮᠠᠭᠠᠯᠠᠬᠤ ᠶᠢᠨ ᠴᠢᠬᠤᠯᠠ ᠴᠢᠨᠠᠷ ᠢ ᠨᠠᠩ ᠣᠯᠠᠨ | ᠬᠥᠮᠥᠰ ᠲᠤ ᠲᠠᠨᠢᠭᠤᠯᠤᠭᠰᠠᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ |