ᠠᠷᠢᠭᠤᠨ ᠴᠡᠪᠡᠷ ᠤᠨ ᠲᠠᠰᠤᠯᠭ᠎ᠠ ᠶᠢᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠲᠦᠭᠵᠢᠷᠡᠭᠰᠡᠨ ᠠᠴᠠ ᠪᠣᠯᠵᠤ ᠦᠮᠴᠢᠳᠡᠨ ᠤ ᠡᠳ᠋ ᠬᠦᠷᠦᠩᠭᠡ ᠬᠤᠬᠢᠷᠠᠯ ᠳᠤ ᠤᠴᠠᠷᠠᠪᠠᠯ ᠬᠠᠷᠢᠭᠤᠴᠠᠯᠭ᠎ᠠ ᠶᠢ ᠬᠡᠨ ᠡᠭᠦᠷᠭᠡᠯᠡᠪᠡᠯ ᠵᠣᠬᠢᠬᠤ ᠪᠣᠶ︖
ᠨᠡᠶᠢᠲᠡᠯᠡᠭᠰᠡᠨ ᠴᠠᠭ᠄
2025/4/24
      ᠬᠤᠲᠠ ᠶᠢᠨ ᠥᠨᠳᠥᠷ ᠲᠠᠪᠬᠤᠷᠯᠢᠭ ᠤᠨ ᠪᠠᠷᠢᠯᠭ᠎ᠠ ᠳᠤ᠂ ᠳᠠᠮᠵᠢᠭᠤᠯᠬᠤ ᠬᠤᠭᠤᠯᠠᠢ ᠶᠢᠨ ᠠᠵᠢᠯᠯᠠᠭᠠᠨ ᠨᠢ ᠲᠤᠶᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠨᠡᠶᠢᠲᠡ ᠶᠢᠨ ᠳᠠᠮᠵᠢᠭᠤᠯᠬᠤ ᠬᠤᠭᠤᠯᠠᠢ ᠨᠢ ᠠᠳᠠᠯᠢ ᠨᠢᠭᠡᠨ ᠠᠰᠠᠷ ᠤᠨ ᠪᠤᠢ ᠪᠦᠬᠦᠢ ᠠᠶᠢᠯ ᠡᠷᠦᠬᠡ ᠲᠠᠢ ᠵᠠᠯᠭᠠᠯᠳᠤᠵᠤ᠂ ᠲᠦᠭᠵᠢᠷᠡᠵᠦ ᠪᠦᠭᠯᠡᠷᠡᠪᠡᠯ ᠭᠡᠷ ᠪᠠᠶᠢᠰᠢᠩ ᠡᠳ᠋ ᠬᠦᠷᠦᠩᠭᠡ ᠬᠤᠬᠢᠷᠠᠯ ᠳᠤ ᠤᠴᠠᠷᠠᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠢᠭᠤᠷᠠᠯᠳᠤᠭᠠᠨ ᠢ ᠦᠷᠭᠦᠯᠵᠢ ᠡᠭᠦᠰᠬᠡᠳᠡᠭ᠃ ᠡᠶᠢᠮᠦᠷᠬᠦᠦ ᠪᠠᠶᠢᠳᠠᠯ ᠳᠤ ᠬᠠᠷᠢᠭᠤᠴᠠᠯᠭ᠎ᠠ ᠶᠢ ᠬᠡᠨ ᠡᠭᠦᠷᠭᠡᠯᠡᠪᠡᠯ ᠵᠣᠬᠢᠬᠤ ᠪᠤᠢ︖ ᠵᠧᠵᠢᠶᠠᠩ ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠡᠶᠢᠲᠡᠯᠡᠭᠰᠡᠨ ᠨᠢᠭᠡᠨ ᠬᠡᠷᠡᠭ ᠤᠨ ᠵᠢᠱᠢᠶ᠎ᠡ ᠶᠢ ᠦᠵᠡᠶ᠎ᠡ᠃      ᠠᠷᠢᠭᠤᠨ ᠴᠡᠪᠡᠷ ᠤᠨ ᠲᠠᠰᠤᠯᠭ᠎ᠠ ᠶᠢᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠲᠦᠭᠵᠢᠷᠡᠭᠰᠡᠨ ᠠᠴᠠ ᠪᠣᠯᠵᠤ ᠦᠮᠴᠢᠳᠡᠨ ᠤ ᠡᠳ᠋ ᠬᠦᠷᠦᠩᠭᠡ ᠶᠢᠨ ᠬᠤᠬᠢᠷᠠᠯ ᠤᠴᠠᠷᠠᠵᠤ ᠲᠡᠭᠡᠳᠦ ᠲᠠᠪᠬᠤᠷᠯᠢᠭ ᠤᠨ 10 ᠦᠮᠴᠢᠳᠡᠨ ᠢ ᠵᠠᠭᠠᠯᠳᠤᠪᠠ       2023 ᠣᠨ ᠤ 8 ᠳ᠋ᠤᠭᠠᠷ ᠰᠠᠷ᠎ᠠ ᠳᠤ᠂ ᠵᠧᠵᠢᠶᠠᠩ ᠮᠤᠵᠢ ᠶᠢᠨ ᠠᠨ ᠵᠢᠢ ᠰᠢᠶᠠᠨ ᠤ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ 503 ᠲᠠᠰᠤᠭ ᠤᠨ ᠥᠮᠴᠢᠲᠡᠨ ᠥᠪᠡᠷ ᠤᠨ ᠭᠡᠷ ᠤᠨ ᠣᠷᠣᠢ ᠠᠴᠠ ᠤᠰᠤ ᠨᠡᠪᠴᠢᠬᠦ ᠶᠢ ᠣᠯᠵᠤ ᠮᠡᠳᠡᠭᠡᠳ ᠠᠳᠠᠯ ᠠᠬᠤᠢ ᠶᠢᠨ ᠺᠣᠮᠫᠠᠨᠢ ᠳᠤ ᠬᠠᠷᠢᠭᠤ ᠲᠤᠰᠬᠠᠪᠠ᠃      603 ᠲᠠᠰᠤᠭ ᠤᠨ ᠥᠮᠴᠢᠲᠡᠨ ᠰᠠᠭᠤᠭ᠎ᠠ ᠦᠭᠡᠢ ᠪᠥᠭᠡᠳ ᠬᠡᠷᠡᠭ ᠭᠠᠷᠬᠤ ᠦᠶ᠎ᠡ ᠳᠤ ᠭᠡᠷ ᠲᠡᠭᠡᠨ ᠪᠠᠶᠢᠭᠰᠠᠨ ᠦᠭᠡᠢ ᠠᠴᠠ ᠠᠳᠠᠯ ᠠᠬᠤᠢ ᠶᠢᠨ ᠺᠣᠮᠫᠠᠨᠢ 603 ᠲᠠᠰᠤᠭ ᠤᠨ ᠥᠮᠴᠢᠲᠡᠨ ᠤ ᠠᠳᠠᠯ ᠠᠬᠤᠢ ᠶᠢᠨ ᠭᠠᠵᠠᠷ ᠤᠨ ᠪᠡᠯᠡᠳᠬᠡᠯ ᠲᠦᠯᠬᠢᠭᠦᠷ ᠢᠶᠠᠷ ᠳᠡᠮᠵᠢᠨ ᠡᠭᠦᠳᠡ ᠶᠢ ᠨᠡᠭᠡᠭᠡᠭᠰᠡᠨ ᠤ ᠳᠠᠷᠠᠭ᠎ᠠ᠂ 603 ᠲᠠᠰᠤᠭ ᠤᠨ ᠭᠠᠵᠠᠷ ᠤᠨ ᠭᠠᠳᠠᠷᠭᠤ ᠳᠤ ᠨᠢᠭᠡᠨᠲᠡ ᠲᠠᠪᠤ ᠵᠢᠷᠭᠤᠭᠠᠨ ᠰᠠᠨᠲ᠋ᠢᠮᠧᠲᠷ ᠪᠤᠬᠢᠷ ᠤᠰᠤ ᠬᠤᠷᠠᠵᠤ᠂ ᠠᠷᠢᠭᠤᠨ ᠴᠡᠪᠡᠷ ᠤᠨ ᠲᠠᠰᠤᠯᠭ᠎ᠠ ᠶᠢᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠠᠴᠠ ᠪᠣᠬᠢᠷ ᠤᠰᠤ ᠦᠷᠭᠦᠯᠵᠢᠯᠡᠨ ᠭᠠᠳᠠᠭᠰᠢ ᠪᠤᠷᠭᠢᠯᠵᠤ ᠪᠠᠶᠢᠬᠤ ᠶᠢ ᠣᠯᠵᠤ ᠮᠠᠲᠠᠵᠠᠢ᠃      ᠠᠳᠠᠯ ᠠᠬᠤᠢ ᠶᠢᠨ ᠺᠣᠮᠫᠠᠨᠢ ᠲᠡᠷᠡ ᠳᠠᠷᠤᠢ ᠳᠤᠨᠢ ᠬᠥᠮᠥᠰ ᠢ ᠵᠣᠬᠢᠶᠠᠨ ᠪᠠᠶᠢᠭᠤᠯᠤᠨ ᠴᠡᠪᠡᠷᠯᠡᠵᠡᠢ᠂ 503 ᠲᠠᠰᠤᠭ ᠪᠣᠯᠣᠨ 603 ᠲᠠᠰᠤᠭ ᠤᠨ ᠬᠤᠭᠤᠷᠣᠨᠳᠣᠬᠢ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠨᠢ ᠵᠤᠷᠯᠤᠩ ᠤᠨ ᠴᠠᠭᠠᠰᠤ ᠵᠡᠷᠭᠡ ᠳᠤ ᠪᠥᠭᠯᠡᠭᠳᠡᠭᠰᠡᠨ ᠠᠴᠠ ᠪᠤᠯᠤᠭᠰᠠᠨ ᠰᠢᠯᠳᠠᠭᠠᠨ ᠢ ᠮᠡᠳᠡᠵᠡᠢ᠃ ᠤᠷᠲᠤ ᠬᠤᠭᠤᠴᠠᠭ᠎ᠠ ᠪᠠᠷ ᠳᠡᠪᠲᠦᠭᠡᠭᠰᠡᠨ ᠠᠴᠠ 503 ᠲᠠᠰᠤᠯᠭ᠎ᠠ ᠶᠢᠨ ᠳᠡᠭᠡᠪᠦᠷ᠂ ᠡᠯᠭᠦᠭᠦᠷ ᠬᠤᠷᠭᠤ᠂ 603 ᠲᠠᠰᠤᠯᠭ᠎ᠠ ᠶᠢᠨ ᠬᠡᠷᠡᠮ᠂ ᠱᠠᠯᠠ᠂ ᠬᠤᠷᠭᠤ ᠵᠡᠷᠭᠡ ᠨᠢ ᠬᠤᠬᠢᠷᠠᠯ ᠳᠤ ᠤᠴᠠᠷᠠᠪᠠ᠃ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠭᠰᠠᠨ 503 ᠲᠠᠰᠤᠭ ᠪᠣᠯᠣᠨ 603 ᠲᠠᠰᠤᠭ ᠤᠨ ᠥᠮᠴᠢᠲᠡᠨ᠂ ᠳᠡᠭᠡᠷ᠎ᠡ ᠲᠠᠪᠬᠤᠷᠯᠢᠭ ᠤᠨ ᠠᠷᠪᠠᠨ ᠡᠷᠦᠬᠡ ᠬᠥᠷᠰᠢ ᠵᠡᠷᠭᠡᠯᠡᠳᠡᠭᠡ᠂ ᠠᠳᠠᠯ ᠠᠬᠤᠢ ᠶᠢᠨ ᠺᠣᠮᠫᠠᠨᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠶᠢ ᠵᠠᠭᠠᠯᠳᠤᠵᠤ᠂ ᠡᠳ᠋ ᠬᠥᠷᠥᠩᠭᠡ ᠶᠢᠨ ᠬᠤᠬᠢᠷᠠᠯ ᠢ ᠲᠥᠯᠥᠭᠦᠯᠬᠦ ᠪᠠᠷ ᠱᠠᠭᠠᠷᠳᠠᠵᠠᠢ᠃ 503 ᠲᠠᠰᠤᠭ ᠤᠨ ᠥᠮᠴᠢᠲᠡᠨ ᠪᠠᠰᠠ 603 ᠲᠠᠰᠤᠭ ᠤᠨ ᠥᠮᠴᠢᠲᠡᠨ ᠢ ᠵᠠᠭᠠᠯᠳᠤᠭᠳᠠᠭᠴᠢ ᠳᠤ ᠣᠷᠣᠭᠤᠯᠪᠠ᠃      ᠰᠢᠭᠦᠬᠦ ᠬᠤᠷᠢᠶ᠎ᠠ᠂ ᠳᠡᠭᠡᠳᠦ ᠲᠠᠪᠬᠤᠷᠯᠢᠭ ᠤᠨ ᠰᠠᠭᠤᠭᠠᠯᠢ ᠡᠷᠦᠬᠡ ᠪᠠ ᠠᠳᠠᠯ ᠠᠬᠤᠢ ᠶᠢᠨ ᠺᠤᠮᠫᠠᠨᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ ᠭᠡᠵᠦ ᠰᠢᠭᠦᠨ ᠲᠡᠰᠦᠯᠪᠡ      ᠲᠠᠪᠤᠳᠤᠭᠠᠷ ᠳᠠᠪᠬᠤᠷᠯᠢᠭ ᠪᠠ ᠵᠢᠷᠭᠤᠳᠤᠭᠠᠷ ᠳᠠᠪᠬᠤᠷᠯᠢᠭ ᠤᠨ ᠬᠤᠶᠠᠷ ᠰᠠᠭᠤᠭᠠᠯᠢ ᠡᠷᠦᠬᠡ ᠴᠥᠮ ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠵᠤ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠭᠰᠠᠨ ᠪᠠᠶᠢᠨ᠎ᠠ᠂ ᠵᠢᠷᠭᠤᠳᠤᠭᠠᠷ ᠳᠠᠪᠬᠤᠷᠯᠢᠭ ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠡᠷᠦᠬᠡ᠂ ᠠᠳᠠᠯ ᠠᠬᠤᠢ ᠶᠢᠨ ᠺᠣᠮᠫᠠᠨᠢ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠨᠢ ᠴᠥᠮ ᠰᠢᠭᠦᠬᠦ ᠬᠤᠷᠢᠶᠠᠨ ᠤ ᠵᠠᠭᠠᠯᠳᠤᠯᠭ᠎ᠠ ᠳᠤ ᠵᠠᠭᠠᠯᠳᠤᠭᠳᠠᠭᠴᠢ ᠪᠠᠷ ᠵᠢᠭᠰᠠᠭᠠᠭᠳᠠᠵᠠᠢ᠂ ᠲᠡᠭᠡᠪᠡᠯ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠨᠢ ᠴᠣᠬᠤᠮ ᠬᠡᠨ ᠪᠣᠯᠬᠤ ᠪᠣᠢ︖      ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ ᠲᠡᠭᠡᠳᠦ ᠲᠠᠪᠬᠤᠷᠯᠢᠭ ᠤᠨ ᠨᠢᠭᠡᠨᠲᠡ ᠣᠷᠣᠵᠤ ᠰᠠᠭᠤᠭ᠎ᠠ ᠥᠮᠴᠢᠲᠡᠨ ᠲᠠᠮᠵᠢᠭᠤᠯᠬᠤ ᠬᠤᠭᠤᠯᠠᠢ ᠶᠢ ᠵᠣᠬᠢᠰ ᠦᠭᠡᠢ ᠬᠡᠷᠡᠭᠯᠡᠭᠰᠡᠨ ᠠᠴᠠ ᠪᠣᠯᠵᠤ ᠬᠡᠷᠡᠭ ᠲᠤ ᠬᠤᠯᠪᠣᠭᠳᠠᠭᠰᠠᠨ ᠬᠤᠬᠢᠷᠠᠯ ᠭᠠᠷᠴᠤ᠂ ᠬᠠᠮᠲᠤ ᠪᠠᠷ ᠡᠷᠬᠡ ᠳᠤ ᠬᠠᠯᠳᠠᠭᠰᠠᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠦᠷᠢᠯᠳᠦᠭᠦᠯᠦᠭᠰᠡᠨ ᠪᠣᠯᠬᠤᠷ ᠬᠡᠷᠡᠭ ᠲᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠡᠢ᠃      ᠰᠢᠭᠦᠬᠦ ᠬᠤᠷᠢᠶ᠎ᠠ᠂ 503 ᠲᠠᠰᠤᠭ ᠤᠨ ᠥᠮᠴᠢᠲᠡᠨ ᠴᠠᠭ ᠲᠤᠬᠠᠢ ᠳᠤᠨᠢ ᠡ᠊ᠨᠳᠡᠯ ᠢ ᠢᠯᠡᠷᠡᠭᠦᠯᠵᠦ᠂ ᠪᠦᠲᠦᠮᠵᠢᠲᠡᠶ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠰᠠᠨ ᠪᠤᠯᠬᠤᠷ ᠬᠠᠷᠢᠭᠤᠴᠠᠯᠭ᠎ᠠ ᠡᠭᠦᠷᠭᠡᠯᠡᠬᠦ ᠦᠭᠡᠢ᠃ 603 ᠲᠠᠰᠤᠯᠭ᠎ᠠ ᠶᠢᠨ ᠥᠮᠴᠢᠲᠡᠨ ᠤᠷᠤᠵᠤ ᠰᠠᠭᠤᠭ᠎ᠠ ᠦᠭᠡᠢ᠂ ᠥᠪᠡᠷ ᠤᠨ ᠡᠳ᠋ ᠬᠥᠷᠥᠩᠭᠡ ᠪᠠᠨ ᠬᠠᠷᠠᠵᠤ ᠬᠠᠮᠢᠶᠠᠷᠬᠤ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠠᠴᠠ ᠪᠤᠰᠤᠳᠴᠢ ᠲᠠᠯ᠎ᠠ ᠪᠠᠷ ᠪᠣᠬᠢᠷ ᠤᠰᠤ ᠤᠷᠲᠦ ᠬᠤᠭᠤᠴᠠᠭ᠎ᠠ ᠪᠠᠷ ᠣᠷᠭᠢᠯᠤᠨ ᠪᠤᠷᠭᠢᠯᠵᠤ ᠪᠠᠶᠢᠬᠤ ᠶᠢ ᠮᠡᠳᠡᠭᠰᠡᠨ ᠦᠭᠡᠢ ᠤᠴᠢᠷ ᠠᠴᠠ ᠬᠤᠬᠢᠷᠠᠯ ᠤᠨ ᠦᠷ᠎ᠡ ᠳ᠋ᠦᠩ ᠳᠤ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ ᠭᠡᠵᠦ ᠮᠠᠭᠠᠳᠯᠠᠨ ᠲᠣᠭᠲᠠᠭᠠᠪᠠ᠃      ᠵᠧᠵᠢᠶᠠᠩ ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠯᠢᠶᠠᠩ ᠶᠦᠨ᠄ ᠲᠠᠮᠵᠢᠭᠤᠯᠬᠤ ᠬᠤᠭᠤᠯᠠᠢ ᠶᠢᠨ ᠲᠦᠭᠵᠢᠷᠡᠯ ᠨᠢ᠂ ᠦᠨᠡᠨ ᠳᠡᠭᠡᠨ ᠨᠢᠭᠡ ᠬᠤᠶᠠᠷ ᠡᠳᠦᠷ ᠤᠨ ᠤᠴᠢᠷ ᠪᠢᠰᠢ᠂ ᠣᠷᠳᠣ ᠬᠤᠭᠤᠴᠠᠭᠠᠨ ᠤ ᠬᠤᠷᠠᠮᠳᠤᠭᠤᠯᠤᠯ ᠤᠨ ᠶᠠᠪᠤᠴᠠ ᠪᠣᠯᠣᠨ᠎ᠠ᠂ ᠪᠢᠳᠡ ᠪᠠᠶᠢᠴᠠᠭᠠᠬᠤ ᠦᠶ᠎ᠡ ᠳᠤ᠂ ᠪᠣᠬᠢᠷ ᠤᠰᠤ ᠨᠢᠭᠡᠨᠲᠡ ᠲᠠᠪᠤ ᠵᠢᠷᠭᠤᠭᠠᠨ ᠰᠠᠨᠲ᠋ᠢᠮᠧᠲᠷ ᠪᠣᠯᠵᠤ᠂ ᠪᠠᠷᠤᠭ ᠬᠡᠳᠦᠨ ᠡᠳᠦᠷ ᠪᠣᠯᠴᠢᠬᠠᠭᠰᠠᠨ ᠪᠠᠶᠢᠵᠤ ᠮᠡᠳᠡᠨ᠎ᠡ᠂ ᠯᠠᠪᠲᠠᠢ ᠨᠢᠭᠡ ᠬᠤᠶᠠᠷ ᠡᠳᠦᠷ ᠤᠨ ᠤᠴᠢᠷ ᠪᠢᠰᠢ᠂ ᠨᠢᠭᠡᠨᠲᠡ ᠨᠢᠭᠡ ᠬᠡᠰᠡᠭ ᠬᠤᠭᠤᠴᠠᠭᠠᠨ ᠤ ᠠᠷᠢᠭᠤᠨ ᠴᠡᠪᠡᠷ ᠤᠨ ᠲᠠᠰᠤᠯᠭ᠎ᠠ ᠶᠢᠨ ᠪᠤᠬᠢᠷ ᠤᠰᠤ ᠪᠤᠷᠬᠢᠯᠠᠬᠤ ᠶᠠᠪᠤᠴᠠ ᠶᠢ ᠥᠩᠭᠡᠷᠡᠭᠦᠯᠵᠡᠢ᠃      ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠠᠳᠠᠯ ᠠᠬᠤᠢ ᠶᠢᠨ ᠺᠣᠮᠫᠠᠨᠢ ᠶᠢᠨ ᠬᠡᠷᠡᠭ ᠭᠠᠷᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠢᠳᠡᠪᠬᠢᠲᠡᠢ ᠰᠢᠢᠳᠪᠦᠷᠢᠯᠡᠭᠰᠡᠨ ᠦᠶᠯᠡ ᠠᠵᠢᠯᠯᠠᠭ᠎ᠠ ᠨᠢ ᠨᠤᠲᠠᠯᠠᠭᠤᠰᠢᠲᠠᠢ᠂ ᠭᠡᠪᠡᠴᠦ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠬᠢᠨᠠᠨ ᠬᠠᠮᠢᠶᠠᠷᠬᠤ ᠡᠭᠦᠷᠭᠡ ᠪᠠᠨ ᠨᠢᠭᠡᠨᠲᠡ ᠭᠦᠢᠴᠡᠳᠬᠡᠭᠰᠡᠨ ᠪᠥᠭᠡᠳ ᠡᠳᠦᠷ ᠲᠤᠲᠤᠮ ᠤᠨ ᠪᠣᠬᠢᠷ ᠤᠰᠤᠨ ᠤ ᠬᠤᠭᠤᠯᠠᠢ ᠶᠢ ᠪᠠᠶᠢᠴᠠᠭᠠᠨ ᠨᠠᠪᠲᠠᠷᠡᠭᠦᠯᠵᠦ ᠥᠩᠭᠡᠷᠡᠭᠰᠡᠨ ᠭᠡᠳᠡᠭ ᠭᠡᠷᠡᠴᠢ ᠦᠭᠡᠢ ᠪᠣᠯᠬᠤᠷ ᠪᠠᠰᠠ ᠵᠣᠬᠢᠬᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠡᠢ᠃      ᠰᠢᠭᠦᠬᠦ ᠬᠤᠷᠢᠶ᠎ᠠ᠂ ᠵᠠᠭᠠᠯᠳᠤᠭᠴᠢ ᠶᠢᠨ ᠳᠤᠷᠠᠳᠤᠭᠰᠠᠨ ᠭᠡᠷᠡᠴᠢ ᠪᠠᠷᠢᠮᠲᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠶᠢᠨ ᠤᠰᠤᠨ ᠬᠤᠭᠤᠯᠠᠢ ᠶᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠵᠡᠷᠭᠡ ᠶᠠᠪᠤᠴᠠ ᠳᠤ ᠣᠰᠣᠯ ᠪᠤᠷᠤᠭᠤ ᠲᠠᠢ ᠪᠠᠶᠢᠬᠤ ᠶᠢ ᠭᠦᠢᠴᠡᠳ ᠭᠡᠷᠡᠴᠢᠯᠡᠵᠦ ᠳᠡᠶᠢᠯᠬᠦ ᠦᠭᠡᠢ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠦᠭᠡᠢ᠃ ᠰᠢᠭᠦᠬᠦ ᠬᠤᠷᠢᠶ᠎ᠠ ᠡᠴᠦᠰ ᠲᠡᠭᠡᠨ 6 ᠳ᠋ᠤᠭᠠᠷ ᠲᠠᠪᠬᠤᠷᠯᠢᠭ ᠠᠴᠠ ᠳᠡᠭᠡᠭᠰᠢᠬᠢ ᠨᠢᠭᠡᠨᠲᠡ ᠰᠠᠭᠤᠭ᠎ᠠ ᠥᠮᠴᠢᠲᠡᠨ᠂ 603 ᠲᠠᠰᠤᠭ ᠤᠨ ᠥᠮᠴᠢᠲᠡᠨ ᠵᠢᠴᠢ ᠠᠳᠠᠯ ᠠᠬᠤᠢ ᠶᠢᠨ ᠺᠣᠮᠫᠠᠨᠢ ᠬᠤᠬᠢᠷᠠᠯ ᠤᠨ ᠦᠷ᠎ᠡ ᠳ᠋ᠦᠩ ᠳᠤ ᠲᠣᠰ ᠲᠣᠰ 40%᠂ 30%᠂ 30% ᠶᠢᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠰᠢᠭᠦᠨ ᠲᠠᠰᠤᠯᠪᠠ᠃ ᠲᠠᠰᠤᠯᠤᠯᠲᠠ ᠶᠢ ᠨᠡᠶᠢᠲᠡᠯᠡᠭᠰᠡᠨ ᠤ ᠳᠠᠷᠠᠭ᠎ᠠ᠂ ᠬᠡᠷᠡᠭ ᠤᠨ ᠲᠤᠬᠠᠢ ᠶᠢᠨ ᠬᠥᠮᠥᠨ ᠴᠥᠮ ᠲᠠᠰᠤᠯᠤᠯᠲᠠ ᠶᠢ ᠮᠡᠳᠡᠷᠡᠵᠦ ᠵᠠᠭᠠᠯᠳᠤᠯᠭ᠎ᠠ ᠪᠠᠨ ᠵᠣᠭᠰᠣᠭᠠᠵᠤ᠂ ᠬᠤᠯᠪᠣᠭᠳᠠᠯ ᠪᠦᠬᠦᠢ ᠲᠤᠬᠠᠢ ᠶᠢᠨ ᠬᠥᠮᠥᠨ ᠲᠥᠯᠥᠪᠦᠷᠢ ᠶᠢᠨ ᠡᠭᠦᠷᠭᠡ ᠪᠠᠨ ᠭᠦᠢᠴᠡᠳᠬᠡᠭᠰᠡᠨ ᠪᠠᠶᠢᠨ᠎ᠠ᠃       ᠲᠡᠭᠡᠳᠦ ᠲᠠᠪᠬᠤᠷᠯᠢᠭ ᠤᠨ ᠥᠮᠴᠢᠲᠡᠨ ᠬᠠᠮᠲᠤ ᠪᠠᠷ ᠡᠷᠬᠡ ᠳᠤ ᠬᠠᠯᠳᠠᠭᠰᠠᠨ ᠠᠵᠢᠯᠯᠠᠭ᠎ᠠ ᠪᠣᠯᠵᠤ ᠪᠦᠷᠢᠯᠳᠦᠪᠡᠯ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ      ᠲᠤᠰ ᠬᠡᠷᠡᠭ ᠲᠤ᠂ ᠤᠯᠠᠨ ᠨᠡᠶᠢᠲᠡ ᠶᠢᠨ ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠵᠤ ᠭᠡᠷ ᠪᠠᠶᠢᠰᠢᠩ ᠬᠤᠬᠢᠷᠠᠯ ᠳᠤ ᠤᠴᠠᠷᠠᠭᠰᠠᠨ ᠪᠠᠶᠢᠨ᠎ᠠ᠂ ᠴᠣᠬᠤᠮ ᠵᠠᠭᠠᠯᠳᠤᠭᠴᠢ ᠪᠤᠶᠤ ᠵᠠᠭᠠᠯᠳᠤᠭᠳᠠᠭᠴᠢ ᠶᠢᠨ ᠬᠡᠨ ᠨᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠪᠤᠢ︖      ᠵᠧᠵᠢᠶᠠᠩ ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠯᠢᠶᠠᠩ ᠶᠦᠨ᠄ ᠲᠡᠭᠡᠳᠦ ᠲᠠᠪᠬᠤᠷᠯᠢᠭ ᠤᠨ ᠦᠮᠴᠢᠳᠡᠨ ᠪᠣᠯ ᠲᠠᠮᠵᠢᠭᠤᠯᠬᠤ ᠬᠤᠭᠤᠯᠠᠢ ᠶᠢ ᠬᠡᠪ ᠤᠨ ᠪᠠᠶᠢᠳᠠᠯ ᠢᠶᠠᠷ ᠬᠡᠷᠡᠭᠯᠡᠵᠡᠢ᠂ ᠵᠤᠷᠯᠤᠩ ᠤᠨ ᠴᠠᠭᠠᠰᠤ ᠵᠡᠷᠭᠡ ᠪᠤᠬᠢᠷ ᠡᠳ᠋ ᠢ ᠲᠤᠷ᠎ᠠ ᠪᠠᠷ ᠢᠶᠠᠨ ᠬᠠᠶᠠᠭᠰᠠᠨ ᠦᠭᠡᠢ᠃ 603 ᠪᠣᠯᠣᠨ 503 ᠶᠢᠨ ᠥᠮᠴᠢᠲᠡᠨ ᠪᠢᠳᠡᠨ ᠢ ᠵᠠᠭᠠᠯᠳᠤᠬᠤ ᠨᠢ ᠵᠤᠬᠢᠰ ᠦᠭᠡᠢ᠂ ᠴᠣᠬᠤᠮ ᠠᠯᠢ ᠨᠢᠭᠡ ᠡᠷᠦᠬᠡ᠂ ᠠᠯᠢ ᠨᠢᠭᠡ ᠬᠥᠮᠥᠨ ᠤ ᠬᠢᠭᠰᠡᠨ ᠠᠵᠢᠯᠯᠠᠭ᠎ᠠ ᠨᠢ ᠲᠦᠭᠵᠢᠷᠡᠯ ᠢ ᠪᠣᠢ ᠪᠣᠯᠭᠠᠭᠰᠠᠨ ᠢ ᠨᠤᠳᠠᠯᠠᠬᠤ ᠶᠢᠨ ᠠᠷᠭ᠎ᠠ ᠦᠭᠡᠢ ᠶᠤᠮ᠂ ᠵᠠᠭᠠᠯᠳᠤᠭᠴᠢ ᠭᠡᠷᠡᠴᠢ ᠳᠤᠷᠠᠳᠬᠤ ᠡᠭᠦᠷᠭᠡ ᠪᠠᠨ ᠭᠦᠢᠴᠡᠳᠬᠡᠭᠰᠡᠨ ᠦᠭᠡᠢ ᠭᠡᠵᠦ ᠦᠵᠡᠵᠡᠢ᠃      ᠰᠢᠭᠦᠭᠴᠢ ᠂ ᠪᠤᠬᠢᠷ ᠪᠤᠳᠠᠰ ᠲᠤᠷ᠎ᠠ ᠪᠠᠷ ᠢᠶᠠᠨ ᠬᠠᠶᠠᠬᠤ ᠡᠶᠢᠮᠦᠷᠬᠦ ᠬᠤᠬᠢᠷᠠᠯ ᠤᠨ ᠦᠢᠯᠡ ᠠᠵᠢᠯᠯᠠᠭ᠎ᠠ ᠨᠢ ᠶᠡᠷᠦ ᠨᠢ ᠪᠤᠰᠤᠳ ᠤᠨ ᠬᠤᠪᠢ ᠶᠢᠨ ᠣᠷᠣᠨ ᠰᠠᠭᠤᠴᠠ ᠳᠤ ᠡᠭᠦᠰᠳᠡᠭ᠂ ᠤᠰᠤᠨ ᠬᠤᠭᠤᠯᠠᠢ ᠶᠢᠨ ᠲᠦᠭᠵᠢᠷᠡᠯ ᠨᠢ ᠴᠣᠬᠤᠮ ᠠᠯᠢ ᠡᠷᠤᠭᠡ ᠶᠢᠨ ᠥᠮᠴᠢᠲᠡᠨ ᠤ ᠠᠵᠢᠯᠯᠠᠭ᠎ᠠ ᠠᠴᠠ ᠪᠤᠢ ᠪᠣᠯᠤᠭᠰᠠᠨ ᠭᠡᠳᠡᠭ ᠢ ᠡᠷᠬᠡᠲᠦ ᠬᠥᠮᠥᠨ ᠮᠡᠳᠡᠬᠦ ᠶᠢᠨ ᠠᠷᠭ᠎ᠠ ᠦᠭᠡᠢ ᠶᠤᠮ᠃ ᠪᠣᠬᠢᠷ ᠤᠰᠤᠨ ᠤ ᠬᠤᠭᠤᠯᠠᠢ ᠪᠣᠯ ᠪᠠᠰᠠ ᠴᠤ ᠳᠠᠯᠳᠠ ᠪᠠᠶᠢᠭ᠎ᠠ ᠢᠨᠵᠧᠨᠧᠷᠢᠩ ᠪᠣᠯᠬᠤᠷ ᠠᠵᠢᠭᠯᠠᠬᠤ ᠳᠤ ᠪᠡᠷᠬᠡᠲᠡᠢ ᠮᠥᠷᠲᠡᠭᠡᠨ ᠤᠰᠤᠨ ᠬᠤᠭᠤᠯᠠᠢ ᠶᠢᠨ ᠲᠦᠭᠵᠢᠷᠡᠯ ᠤᠨ ᠰᠢᠯᠲᠠᠭᠠᠨ ᠳᠤ ᠣᠯᠠᠨ ᠵᠦᠢᠯ ᠤᠨ ᠪᠣᠯᠣᠯᠴᠠᠭᠠᠲᠤ ᠴᠢᠨᠠᠷ ᠣᠷᠣᠰᠢᠵᠤ᠂ ᠴᠠᠭ ᠬᠤᠭᠤᠴᠠᠭ᠎ᠠ ᠨᠢ ᠣᠷᠳᠣ ᠬᠤᠭᠤᠴᠠᠭᠠᠨ ᠤ ᠴᠢᠨᠠᠷᠲᠠᠢ ᠪᠠᠶᠢᠵᠤ᠂ ᠭᠡᠷᠡᠴᠢ ᠳᠤᠷᠠᠳᠬᠤ ᠶᠢᠨ ᠬᠦᠴᠢᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠡᠢ᠃ ᠬᠡᠷᠪᠡ ᠭᠡᠷᠡᠴᠢ ᠳᠤᠷᠠᠳᠬᠤ ᠬᠠᠷᠢᠭᠤᠴᠠᠯᠭ᠎ᠠ ᠶᠢ ᠮᠥᠨ ᠯᠡ ᠡᠷᠬᠡᠲᠦ ᠬᠥᠮᠥᠨ ᠳᠤ ᠠᠯᠪᠠ ᠪᠠᠷ ᠲᠤᠯᠭᠠᠵᠤ᠂ ᠬᠡᠲᠦᠷᠬᠡᠢ ᠴᠢᠩᠭ᠎ᠠ ᠵᠢᠮᠡᠯᠡᠬᠦ ᠳᠤ ᠬᠦᠷᠪᠡᠯ᠂ ᠠᠳᠠᠯᠢ ᠲᠦᠷᠦᠯ ᠤᠨ ᠰᠠᠭᠤᠭᠠᠯᠢ ᠡᠷᠤᠭᠡ ᠶᠢᠨ ᠪᠤᠵᠠᠷ ᠤᠰᠤᠨ ᠤ ᠬᠤᠭᠤᠯᠠᠢ ᠶᠢ ᠵᠦᠢ ᠵᠣᠬᠢᠰᠲᠠᠢ ᠬᠡᠷᠡᠭᠯᠡᠬᠦ᠂ ᠪᠤᠰᠤᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠪᠠᠭᠤᠷᠠᠭᠤᠯᠵᠤ᠂ ᠨᠡᠶᠢᠭᠡᠮ ᠤᠨ ᠰᠠᠶᠢᠨ ᠰᠠᠶᠢᠬᠠᠨ ᠦᠷᠳᠡᠭ ᠤᠨ ᠤᠳᠤᠷᠢᠳᠤᠮᠵᠢ ᠶᠢ ᠰᠠᠨᠠᠭᠠᠴᠢᠯᠠᠬᠤ ᠳᠤ ᠠᠰᠢᠭ ᠦᠭᠡᠢ ᠪᠣᠯᠣᠨ᠎ᠠ ᠭᠡᠵᠡᠢ᠃      ᠰᠢᠭᠦᠭᠴᠢ ᠂ ᠵᠠᠭᠠᠯᠳᠤᠭᠴᠢ ᠬᠡᠳᠦᠶᠢᠪᠡᠷ ᠡᠷᠬᠡ ᠳᠤ ᠬᠠᠯᠳᠠᠭᠰᠠᠨ ᠪᠣᠳᠠᠲᠠᠢ ᠦᠢᠯᠡ ᠠᠵᠢᠯᠯᠠᠭᠠᠲᠤ ᠬᠥᠮᠥᠨ ᠢ ᠭᠡᠷᠡᠴᠢ ᠳᠤᠷᠠᠳᠴᠤ ᠭᠡᠷᠡᠴᠢᠯᠡᠵᠦ ᠴᠢᠳᠠᠭᠰᠠᠨ ᠦᠭᠡᠢ ᠪᠣᠯᠪᠠᠴᠤ ᠡᠷᠬᠡ ᠳᠤ ᠬᠠᠯᠳᠠᠭᠰᠠᠨ ᠭᠤᠤᠯ ᠴᠣᠭᠴᠠ ᠪᠣᠯ ᠲᠡᠭᠡᠳᠦ ᠲᠠᠪᠬᠤᠷᠯᠢᠭ ᠤᠨ ᠥᠮᠴᠢᠲᠡᠨ ᠤ ᠬᠠᠮᠲᠤᠯᠢᠭ ᠪᠣᠯᠬᠤ ᠶᠢ ᠨᠢᠭᠡᠨᠲᠡ ᠭᠡᠷᠡᠴᠢᠯᠡᠵᠦ ᠴᠢᠳᠠᠭᠰᠠᠨ ᠪᠠᠶᠢᠨ᠎ᠠ᠃ ᠢᠷᠭᠡᠨ ᠤ ᠬᠠᠤᠯᠢ ᠶᠢᠨ ᠪᠢᠴᠢᠭ ᠤᠨ 1168 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠬᠤᠶᠠᠷ ᠠᠴᠠ ᠳᠡᠭᠡᠭᠰᠢ ᠬᠥᠮᠥᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠬᠠᠮᠲᠤ ᠪᠠᠷ ᠬᠢᠵᠦ᠂ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︾᠂ ᠲᠡᠭᠡᠳᠦ ᠲᠠᠪᠬᠤᠷᠯᠢᠭ ᠤᠨ ᠥᠮᠴᠢᠲᠡᠨ ᠤ ᠬᠤᠭᠤᠷᠣᠨᠳᠤ ᠬᠠᠮᠲᠤ ᠪᠠᠷ ᠡᠷᠬᠡ ᠳᠤ ᠬᠠᠯᠳᠠᠭᠰᠠᠨ ᠬᠠᠤᠯᠢ ᠴᠠᠭᠠᠵᠠ ᠶᠢᠨ ᠬᠠᠷᠢᠴᠠᠭ᠎ᠠ ᠪᠦᠷᠢᠯᠳᠦᠭᠰᠡᠨ ᠪᠣᠯᠬᠤᠷ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠭᠡᠬᠦ ᠳᠡᠭᠡᠨ ᠡᠨᠡ ᠬᠦ ᠬᠠᠮᠲᠤᠯᠢᠭ ᠲᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠣᠷᠣᠰᠢᠵᠤ ᠪᠠᠶᠢᠬᠤ ᠡᠰᠡᠬᠦ ᠶᠢ ︽ᠬᠡᠨ ᠵᠣᠷᠢᠪᠠᠯ ᠬᠡᠨ ᠭᠡᠷᠡᠴᠢ ᠳᠤᠷᠠᠳᠬᠤ ᠬᠡᠷᠡᠭᠳᠡᠢ︾ ᠭᠡᠵᠡᠢ᠃ ᠥᠮᠴᠢᠲᠡᠨ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠪᠠᠶᠢᠰᠢᠩ ᠢ  ᠪᠠᠶᠢᠴᠠᠭᠠᠬᠤ ᠬᠠᠮᠢᠶᠠᠷᠤᠯᠲᠠ ᠶᠢ ᠤᠮᠳᠠᠭᠠᠶᠢᠯᠠᠵᠤ ᠪᠤᠯᠬᠤ ᠦᠭᠡᠢ      ᠲᠤᠰ ᠬᠡᠷᠡᠭ ᠲᠤ᠂ ᠵᠠᠭᠠᠯᠳᠤᠭᠳᠠᠭᠴᠢ ᠶᠢᠨ ᠳᠣᠲᠣᠷᠠᠬᠢ ᠭᠤᠷᠪᠠᠨ ᠡᠷᠦᠬᠡ ᠶᠢᠨ ᠥᠮᠴᠢᠲᠡᠨ ᠨᠢ ᠬᠡᠷᠡᠭ ᠭᠠᠷᠬᠤ ᠠᠴᠠ ᠡᠮᠦᠨ᠎ᠡ ᠭᠡᠷ ᠪᠠᠶᠢᠰᠢᠩ ᠳᠤ  ᠰᠠᠭᠤᠭ᠎ᠠ ᠦᠭᠡᠢ ᠭᠡᠳᠡᠭ ᠢᠶᠠᠨ ᠭᠡᠷᠡᠴᠢᠯᠡᠭᠰᠡᠨ ᠪᠣᠯᠬᠤᠷ ᠲᠥᠯᠥᠪᠦᠷᠢ ᠠᠴᠠ ᠬᠡᠯᠲᠦᠷᠢᠭᠦᠯᠦᠨ᠎ᠡ᠃ ᠪᠤᠰᠤᠳ ᠨᠢᠭᠡᠨᠲᠡ ᠣᠷᠣᠵᠤ ᠰᠠᠭᠤᠭᠰᠠᠨ ᠲᠡᠭᠡᠳᠦ ᠲᠠᠪᠬᠤᠷᠯᠢᠭ ᠤᠨ ᠥᠮᠴᠢᠲᠡᠨ ᠬᠤᠬᠢᠷᠠᠯ ᠤᠨ ᠦᠢᠯᠡ ᠠᠵᠢᠯᠯᠠᠭ᠎ᠠ ᠬᠢᠭᠰᠡᠨ ᠦᠭᠡᠢ ᠭᠡᠳᠡᠭ ᠢᠶᠠᠨ ᠭᠡᠷᠡᠴᠢ ᠳᠤᠷᠠᠳᠴᠤ ᠭᠡᠷᠡᠴᠢᠯᠡᠭᠰᠡᠨ ᠦᠭᠡᠢ ᠪᠣᠯᠬᠤᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠰᠢᠭᠦᠨ ᠲᠠᠰᠤᠯᠵᠠᠢ᠃      ᠰᠢᠭᠦᠭᠴᠢ ᠶᠢᠨ ᠰᠠᠨᠠᠭᠤᠯᠤᠮᠵᠢ᠄ ᠲᠣᠭᠤᠭᠠᠨ ᠭᠡᠷ ᠪᠣᠯᠣᠨ ᠠᠷᠢᠭᠤᠨ ᠴᠡᠪᠡᠷ ᠤᠨ ᠲᠠᠰᠤᠯᠭ᠎ᠠ ᠪᠣᠯ ᠡᠳᠦᠷ ᠲᠤᠲᠤᠮ ᠤᠨ ᠠᠮᠢᠳᠤᠷᠠᠯ ᠤᠨ ᠠᠰᠢᠭᠯᠠᠯᠲᠠ ᠶᠢᠨ ᠨᠣᠷᠮ᠎ᠠ ᠪᠠᠷ ᠨᠡᠯᠢᠶᠡᠳ ᠥᠨᠳᠥᠷ ᠣᠷᠣᠨ ᠪᠦᠰᠡ ᠮᠥᠨ᠂ ᠪᠠᠰᠠ ᠴᠤ ᠠᠮᠢᠳᠤᠷᠠᠯ ᠳᠤ ᠤᠰᠤ ᠬᠡᠷᠡᠭᠯᠡᠬᠦ ᠭᠤᠣᠯ ᠣᠷᠣᠨ ᠵᠠᠢ ᠮᠥᠨ᠂ ᠤᠰᠤ ᠭᠠᠳᠠᠭᠰᠢᠯᠠᠭᠤᠯᠬᠤ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠰᠠᠭᠤᠭᠠᠯᠢ ᠠᠷᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠵᠤ᠂ ᠤᠰᠤ ᠭᠠᠳᠠᠭᠰᠢᠯᠠᠭᠤᠯᠬᠤ ᠬᠤᠭᠤᠯᠠᠢ ᠶᠢ ᠵᠥᠪ ᠬᠡᠷᠡᠭᠯᠡᠬᠦ ᠬᠡᠷᠡᠭᠲᠡᠢ᠃ ᠠᠰᠠᠷ ᠤᠨ ᠤᠯᠠᠨ ᠨᠡᠶᠢᠲᠡ ᠶᠢᠨ ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠤᠭᠰᠠᠨ ᠵᠢᠭᠤᠷᠠᠯᠳᠤᠭᠠᠨ᢭ ᠲᠤ᠂ ᠠᠳᠠᠯ ᠠᠬᠤᠢ ᠨᠢ ᠤᠷᠤᠨ ᠰᠠᠭᠤᠴᠠ ᠶᠢᠨ ᠲᠣᠭᠤᠷᠢᠭ ᠤᠨ ᠳᠠᠮᠵᠢᠭᠤᠯᠬᠤ ᠬᠤᠭᠤᠯᠠᠢ ᠶᠢᠨ ᠤᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ ᠡᠭᠦᠷᠭᠡ ᠶᠢ ᠡᠭᠦᠷᠭᠡᠯᠡᠬᠦ ᠴᠢᠬᠤᠯᠠ ᠲᠠᠢ ᠠᠴᠠ ᠭᠠᠳᠠᠨ᠎ᠠ᠂ ᠥᠮᠴᠢᠲᠡᠨ ᠨᠢ ᠬᠤᠪᠢ ᠬᠥᠮᠥᠨ ᠤ ᠭᠡᠷ ᠪᠠᠶᠢᠰᠢᠩ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠤᠪᠢ ᠬᠥᠮᠥᠨ ᠤ ᠬᠠᠮᠢᠶᠠᠷᠤᠯᠲᠠ ᠪᠠᠨ ᠣᠮᠲᠣᠭᠠᠶᠢᠯᠠᠭᠰᠠᠨ ᠠᠴᠠ ᠪᠤᠯᠤᠭᠰᠠᠨ ᠴᠢᠬᠤᠯᠠ ᠪᠤᠰᠤ ᠬᠤᠬᠢᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1