ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠡᠰᠡᠬᠦ︾ ᠪᠤᠯᠤᠨ ᠬᠤᠪᠢᠷᠠᠵᠦ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2025/4/24
      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠢ ᠨᠡᠶᠢᠳᠡᠯᠡᠨ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ ᠭᠡᠵᠦ ᠲᠣᠭᠲᠠᠭᠠᠪᠠ᠃       ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠨᠢ ᠨᠡᠶᠢᠭᠡᠮ ᠨᠡᠶᠢᠲᠡ ᠶᠢᠨ ᠠᠩᠬᠠᠷᠤᠯ ᠢ ᠲᠠᠲᠠᠭᠰᠠᠨ ᠬᠠᠯᠠᠭᠤᠨ ᠵᠣᠭᠤᠭ ᠪᠣᠯᠵᠠᠢ᠃       ︽ᠣᠷᠣᠨ ᠰᠠᠭᠤᠴᠠ ᠪᠠᠶᠢᠬᠤ ᠡᠰᠡᠬᠦ︾ ᠪᠠᠶᠢᠭᠰᠠᠨ ᠠᠴᠠ ᠪᠠᠨ ︽ᠰᠠᠶᠢᠨ ᠣᠷᠣᠨ ᠰᠠᠭᠤᠴᠠ︾ ᠪᠣᠯᠤᠭᠰᠠᠨ ᠨᠢ ᠪᠠᠷᠢᠮᠵᠢᠶ᠎ᠠ ᠶᠢᠨ ᠳᠡᠭᠡᠭᠰᠢᠯᠡᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠴᠠᠭ ᠦᠶ᠎ᠡ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢᠨ ᠲᠤᠬᠠᠢ ᠴᠤ᠋ ᠰᠢᠨ᠎ᠡ ᠲᠠᠶᠢᠯᠪᠤᠷᠢ ᠪᠣᠯᠬᠤ ᠶᠤᠮ᠃       ᠠᠷᠠᠳ ᠤᠨ ᠠᠮᠢᠳᠤᠷᠠᠯ ᠤᠨ ᠡᠪᠡᠷᠰᠢᠶᠡᠯ ᠨᠢ ᠪᠠᠷᠢᠮᠵᠢᠶ᠎ᠠ ᠶᠢ ᠲᠡᠭᠡᠭᠰᠢᠯᠡᠭᠦᠯᠬᠦ ᠶᠢ ᠱᠠᠭᠠᠷᠳᠠᠵᠦ ᠪᠠᠶᠢᠨ᠎ᠠ       ︽ᠵᠡᠷᠭᠡᠯᠳᠦᠭᠡ ᠠᠶᠢᠯ ᠤᠨ ᠰᠠᠨᠳᠠᠯᠢ ᠬᠦᠳᠡᠯᠭᠡᠬᠦ ᠲᠠᠭᠤᠨ᠂ ᠦᠭᠡ ᠶᠡᠷᠢᠯᠴᠠᠬᠤ ᠨᠢ ᠴᠢᠬᠢᠨ ᠤ ᠬᠠᠵᠠᠭᠤ ᠳᠤ ᠪᠠᠶᠢᠬᠤ ᠰᠢᠭ᠋︾᠃ ᠮᠠᠨ ᠤ ᠲᠣᠭᠤᠷᠢᠭ ᠤᠨ ᠠᠰᠠᠷ ᠤᠨ ᠬᠠᠪᠲᠠᠰᠤ ᠶᠢᠨ ᠳᠠᠭᠤ ᠬᠦᠨᠳᠡᠶᠢᠷᠡᠭᠦᠯᠬᠦ ᠴᠢᠳᠠᠪᠦᠷᠢ ᠠᠨᠠᠢ᠂ ᠭᠡᠷ ᠪᠦᠯᠢ ᠶᠢᠨ ᠬᠢᠨ ᠵᠡᠷᠭᠡᠯᠳᠦᠭᠡ ᠠᠶᠢᠯ ᠤᠨ ᠱᠤᠤᠬᠢᠶᠠᠨ ᠠᠴᠠ ᠪᠤᠯᠵᠦ ᠤᠨᠲᠠᠵᠤ ᠠᠮᠠᠷᠠᠬᠤ ᠶᠢᠨ ᠠᠷᠭ᠎ᠠ ᠦᠭᠡᠢ ᠭᠡᠵᠦ ᠪᠡᠭᠡᠵᠢᠩ ᠤᠨ ᠬᠤᠲᠠ ᠶᠢᠨ ᠠᠷᠠᠳ ᠵᠠᠩ ᠠᠪᠠᠭ᠋ᠠᠢ ᠬᠡᠯᠡᠪᠡ᠃ ᠠᠰᠠᠷ ᠤᠨ ᠥᠨᠳᠥᠷ ᠤᠨ ᠬᠡᠮᠵᠢᠶ᠎ᠡ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠴᠡᠪᠡᠷᠴᠡ ᠶᠢᠨ ᠬᠡᠮᠵᠢᠶ᠎ᠡ᠂ ᠭᠡᠷᠡᠯ ᠲᠤᠰᠤᠯᠳᠠ ᠵᠡᠷᠭᠡ ᠶᠢ ᠪᠠᠭᠲᠠᠭᠠᠭᠰᠠᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢᠨ ᠬᠡᠳᠦᠨ ᠵᠠᠩᠭᠢᠯᠠᠭ᠎ᠠ ᠶᠢᠨ ᠡᠯᠧᠮᠧᠨ᠋ᠲ ᠢ ᠤᠳᠤ ᠶᠢᠨ ᠬᠦᠮᠦᠰ ᠣᠨᠴᠠᠭᠠᠶᠢᠯᠠᠨ ᠠᠩᠬᠠᠷᠴᠤ ᠪᠠᠶᠢᠨ᠎ᠠ᠃ ᠰᠠᠭᠤᠬᠤ ᠭᠡᠷ ᠪᠠᠶᠢᠰᠢᠩ ᠤᠨ ᠲᠠᠪᠬᠤᠷᠯᠢᠭ ᠨᠢ ᠥᠨᠳᠥᠷ ᠰᠢᠭ᠂ ᠰᠠᠯᠬᠢ ᠨᠡᠪᠲᠡᠷᠡᠬᠦ ᠪᠠ ᠭᠡᠷᠡᠯ ᠲᠤᠰᠬᠤ ᠨᠥᠬᠦᠴᠡᠯ ᠨᠢ ᠨᠡᠩ ᠰᠠᠶᠢᠨ᠂ ᠪᠢᠲᠡᠭᠦᠮᠵᠢᠯᠡᠬᠦ ᠴᠢᠨᠠᠷ ᠪᠠ ᠳᠠᠭᠤ ᠬᠥᠨᠳᠡᠶᠢᠷᠡᠭᠦᠯᠬᠦ ᠴᠢᠨᠠᠷ ᠨᠢ ᠨᠡᠩ ᠴᠢᠩᠭ᠎ᠠ᠂ ᠭᠡᠷ ᠳᠣᠲᠣᠷᠠᠬᠢ ᠠᠭᠠᠷ ᠴᠡᠪᠡᠷ ᠪᠥᠭᠡᠳ ᠳᠤᠯᠠᠭᠠᠨ ᠤ ᠬᠡᠮᠵᠢᠶ᠎ᠡ ᠨᠢ ᠲᠣᠬᠢᠷᠠᠮᠵᠢᠲᠠᠢ᠂ ᠴᠢᠬᠢᠭᠯᠢᠭ ᠤᠨ ᠬᠡᠮᠵᠢᠶ᠎ᠡ ᠲᠤᠬᠢᠷᠠᠮᠵᠢᠳᠠᠢ ᠪᠠᠶᠢᠬᠤ ᠶᠢ ᠬᠦᠰᠡᠳᠡᠭ᠃      ︽ᠣᠳᠣᠬᠠᠨ ᠳᠤ ᠮᠠᠨ ᠤ ᠤᠯᠤᠰ ᠤᠨ ᠬᠤᠲᠠ ᠪᠠᠯᠭᠠᠰᠤᠨ ᠤ ᠬᠥᠮᠥᠨ ᠳᠤᠮᠳᠠᠴᠢ ᠶᠢᠨ ᠣᠷᠣᠨ ᠰᠠᠭᠤᠴᠠ  ᠶᠢᠨ ᠪᠠᠷᠢᠯᠭ᠎ᠠ ᠶᠢᠨ ᠲᠠᠯᠠᠪᠠᠶ 40 ᠲᠡᠭᠰᠢ ᠳᠥᠷᠪᠡᠯᠵᠢᠨ ᠮᠧᠲᠷ ᠢ ᠳᠠᠪᠠᠵᠤ᠂ ᠭᠡᠷ ᠪᠠᠶᠢᠰᠢᠩ ᠭᠠᠵᠠᠷ ᠬᠥᠷᠥᠩᠭᠡ  ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠠᠷᠠᠳ ᠣᠯᠠᠨ ᠤ ᠣᠷᠣᠨ ᠰᠠᠭᠤᠴᠠ ᠶᠢᠨ ᠬᠡᠷᠡᠭᠴᠡᠭᠡ ︿ᠪᠠᠶᠢᠬᠤ ᠡᠰᠡᠬᠦ﹀ ᠪᠠᠶᠢᠭᠰᠠᠨ ᠠᠴᠠ ᠪᠠᠨ ︿ᠰᠠᠶᠢᠨ ᠡᠰᠡᠬᠦ﹀ ᠵᠦᠭ ᠬᠤᠪᠢᠷᠠᠵᠤ ᠪᠠᠶᠢᠨ᠎ᠠ︾ ᠭᠡᠵᠦ ᠳᠤᠮᠳᠠᠳᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠭᠴᠢ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ ᠶᠢᠨ ᠨᠡᠶᠢᠭᠡᠮᠯᠢᠭ ᠤᠨ ᠳᠠᠷᠤᠭ᠎ᠠ᠂ ᠰᠤᠳᠤᠯᠤᠭᠴᠢ ᠴᠠᠢ ᠴᠢᠶᠠᠩ ᠬᠡᠯᠡᠪᠡ᠃       ᠡᠨᠡᠬᠦ ᠠᠬᠤᠢ ᠪᠠᠶᠢᠳᠠᠯ ᠤᠨ ᠳᠣᠣᠷ᠎ᠠ᠂ ᠰᠢᠨ᠎ᠡ ᠲᠣᠭᠲᠠᠭᠠᠯ ᠪᠤᠶ ᠪᠣᠯᠪᠠ᠃ ᠰᠢᠨ᠎ᠡ ᠲᠣᠭᠲᠠᠭᠠᠯ ᠳᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠠᠪᠬᠤᠷᠯᠢᠭ ᠤᠨ ᠦᠨᠳᠦᠷ ᠢ 3 ᠮᠧᠲᠷ ᠠᠴᠠ ᠳᠣᠣᠷ᠎ᠠ ᠪᠠᠶᠢᠯᠭᠠᠵᠦ ᠪᠤᠯᠬᠤ ᠦᠭᠡᠢ᠂ ᠣᠷᠣᠨ ᠵᠠᠢ ᠶᠢᠨ ᠲᠠᠭᠠᠯᠠᠮᠵᠢ ᠶᠢᠨ ᠬᠡᠮᠵᠢᠶ᠎ᠡ ᠪᠠ ᠴᠢᠳᠠᠮᠵᠢ ᠶᠢᠨ ᠠᠮᠢᠳᠤᠯᠢᠭ ᠴᠢᠨᠠᠷ ᠢ ᠨᠡᠮᠡᠭᠳᠡᠭᠦᠯᠦᠨ᠎ᠡ︔ 4 ᠲᠠᠪᠬᠤᠷᠯᠢᠭ ᠵᠢᠴᠢ ᠲᠡᠭᠦᠨ ᠠᠴᠠ ᠳᠡᠭᠡᠭᠰᠢᠬᠢ ᠣᠷᠣᠨ ᠰᠠᠭᠤᠴᠠ ᠳᠤ ᠴᠠᠬᠢᠯᠭᠠᠨ ᠱᠠᠲᠤ ᠲᠣᠬᠢᠷᠠᠭᠤᠯᠵᠤ᠂ ᠨᠠᠰᠤᠵᠢᠯ ᠤᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠶᠢ ᠱᠠᠭᠠᠷᠳᠠᠪᠠ︔ ᠬᠡᠷᠡᠮ᠂ ᠠᠰᠠᠷ ᠤᠨ ᠬᠠᠪᠲᠠᠰᠤᠨ ᠤ ᠲᠡᠭᠤ ᠬᠥᠨᠳᠡᠶᠢᠷᠡᠭᠦᠯᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠬᠥᠷᠰᠢ ᠵᠡᠷᠭᠡᠯᠡᠳᠡᠭᠡ ᠶᠢᠨ ᠱᠤᠤᠭᠢᠶᠠᠨ ᠤ ᠬᠠᠷᠰᠢᠯᠠᠯ ᠢ ᠪᠠᠭᠠᠰᠬᠠᠨ᠎ᠠ︔ ᠵᠣᠨ ᠬᠠᠯᠠᠭᠤᠨ ᠡᠪᠦᠯ ᠬᠦᠢᠲᠡᠨ ᠭᠠᠵᠠᠷ ᠣᠷᠣᠨ ᠤ ᠣᠷᠣᠨ ᠰᠠᠭᠤᠴᠠ ᠳᠤ ᠳᠤᠯᠠᠭᠠᠯᠠᠭ᠎ᠠ ᠬᠠᠩᠭᠠᠬᠤ᠂ ᠠᠭᠠᠷ ᠲᠣᠬᠢᠷᠠᠭᠤᠯᠤᠭᠴᠢ ᠶᠢᠨ ᠲᠥᠬᠦᠭᠡᠷᠦᠮᠵᠢ ᠤᠭᠰᠠᠷᠠᠬᠤ ᠣᠷᠣᠨ ᠪᠠᠶᠢᠷᠢ ᠦᠯᠡᠳᠡᠭᠡᠬᠦ ᠬᠡᠷᠡᠭᠲᠡᠢ ᠭᠡᠵᠦ ᠲᠣᠭᠲᠠᠭᠠᠪᠠ ᠁ ᠠᠯᠢ ᠣᠯᠠᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠨᠢ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠳᠤ ᠣᠨᠣᠪᠴᠢᠲᠠᠶ ᠬᠠᠷᠢᠭᠤᠯᠲᠠ ᠥᠭᠭᠦᠭᠰᠡᠨ ᠪᠠᠶᠢᠨ᠎ᠠ᠃       ︽ᠲᠠᠪᠬᠤᠷᠯᠢᠭ ᠤᠨ ᠥᠨᠳᠥᠷ ᠢ ᠨᠡᠮᠡᠭᠳᠡᠭᠦᠯᠪᠡᠯ᠂ ᠭᠡᠷ ᠳᠣᠲᠣᠷᠠᠬᠢ ᠬᠡᠷᠡᠯ ᠲᠤᠰᠤᠯᠳᠠ ᠪᠠ ᠰᠠᠯᠬᠢ ᠨᠡᠪᠲᠡᠷᠡᠬᠦ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠣᠯᠠᠨ ᠶᠠᠩᠵᠤ ᠶᠢᠨ ᠵᠠᠰᠠᠯ ᠴᠢᠮᠡᠭᠯᠡᠯ᠂ ᠰᠢᠨ᠎ᠡ ᠮᠡᠷᠭᠡᠵᠢᠯ ᠤᠨ ᠬᠤᠷᠠᠮᠠᠯ ᠳᠤ ᠣᠷᠣᠨ ᠵᠠᠢ ᠬᠠᠩᠭᠠᠵᠤ ᠴᠢᠳᠠᠨ᠎ᠠ᠂ ᠵᠢᠱᠢᠶᠡᠯᠡᠪᠡᠯ ᠲᠥᠪ ᠠᠭᠠᠷ ᠲᠣᠬᠢᠷᠠᠭᠤᠯᠤᠭᠴᠢ᠂ ᠭᠠᠵᠠᠷ ᠤᠨ ᠳᠤᠯᠠᠭᠠᠨ ᠵᠡᠷᠭᠡ ᠶᠢ ᠵᠣᠬᠢᠰᠲᠠᠢ ᠳᠡᠭᠡᠭᠰᠢᠯᠡᠭᠦᠯᠬᠦ ᠨᠢ ᠰᠠᠭᠤᠭᠠᠯᠢ ᠠᠷᠠᠳ ᠤᠨ ᠨᠠᠩ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠣᠷᠣᠨ ᠵᠠᠢ ᠶᠢᠨ ᠬᠡᠷᠡᠭᠴᠡᠭᠡ ᠳᠤ ᠵᠣᠬᠢᠴᠠᠵᠤ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠳᠤ ᠨᠡᠶᠢᠴᠡᠨ᠎ᠡ︾᠃ ᠡᠭᠦᠨ ᠤ ᠬᠠᠮᠲᠤ᠂ ᠲᠠᠪᠬᠤᠷᠯᠢᠭ ᠤᠨ ᠥᠨᠳᠥᠷ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠬᠦ ᠨᠢ ᠪᠠᠰᠠ ᠴᠤ ᠰᠠᠭᠤᠭᠠᠯᠢ ᠠᠷᠠᠳ ᠤᠨ ᠨᠠᠩ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠣᠷᠣᠨ ᠵᠠᠢ ᠶᠢᠨ ᠬᠡᠷᠡᠭᠴᠡᠭᠡ ᠳᠤ ᠵᠣᠬᠢᠴᠠᠵᠤ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠳᠤ ᠨᠡᠶᠢᠴᠡᠵᠦ ᠪᠠᠶᠢᠨ᠎ᠠ ᠭᠡᠵᠦ ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠢ ᠨᠠᠶᠢᠷᠠᠭᠤᠯᠤᠨ ᠵᠣᠬᠢᠶᠠᠬᠤ ᠳᠤᠭᠤᠶᠢᠯᠠᠩ ᠤᠨ ᠪᠦᠷᠢᠯᠳᠦᠭᠦᠨ ᠽᠧᠩ ᠢᠦᠢ ᠬᠡᠯᠡᠪᠡ᠃       ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠠᠭᠤᠨ ᠤ ᠣᠷᠴᠢᠨ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠶᠠᠨ ᠭᠦᠸᠧ ᠵᠢᠶᠦ᠋ᠨ᠂ ᠣᠷᠣᠨ ᠰᠠᠭᠤᠴᠠ ᠶᠢᠨ ᠲᠠᠭᠤᠨ ᠤ ᠣᠷᠴᠢᠨ ᠠᠬᠤᠢ ᠶᠢᠨ ᠭᠦᠢᠴᠡᠳᠬᠡᠯ ᠲᠤᠭ᠎ᠠ ᠶᠢ ᠵᠢᠷᠤᠮᠵᠢᠭᠤᠯᠤᠨ ᠳᠡᠭᠡᠭᠰᠢᠯᠡᠭᠦᠯᠵᠦ᠂ ᠠᠰᠠᠷ ᠤᠨ ᠬᠠᠪᠲᠠᠰᠤ ᠶᠢᠨ ᠲᠠᠭᠤᠨ ᠢ ᠬᠥᠨᠳᠡᠶᠢᠷᠡᠭᠦᠯᠬᠦ ᠴᠢᠳᠠᠪᠤᠷᠢ ᠶᠢᠨ ᠭᠦᠢᠴᠡᠳᠬᠡᠯ ᠲᠤᠭ᠎ᠠ ᠶᠢ ︽75 ᠳ᠋ᠧᠼᠢᠪᠧᠯ ᠠᠴᠠ ᠪᠠᠭ᠎ᠠ︾ ᠪᠠᠶᠢᠭᠰᠠᠨ ᠠᠴᠠ ︽65 ᠳ᠋ᠧᠼᠢᠪᠧᠯ ᠠᠴᠠ ᠪᠠᠭ᠎ᠠ︾ ᠪᠣᠯᠭᠠᠨ ᠳᠡᠭᠡᠭᠰᠢᠯᠡᠭᠦᠯᠵᠦ᠂ ᠬᠥᠷᠰᠢ ᠵᠡᠷᠭᠡᠯᠡᠳᠡᠭᠡ ᠶᠢᠨ ᠲᠠᠭᠤ ᠱᠦᠦᠭᠢᠶᠠᠨ ᠤ ᠬᠠᠷᠰᠢᠯᠠᠯ ᠢ ᠪᠦᠲᠦᠮᠵᠢᠲᠡᠶ ᠪᠠᠭᠠᠰᠬᠠᠪᠠ᠃ ︽ᠲᠣᠰ ᠤᠳᠠᠭᠠᠨ ᠤ ᠵᠢᠷᠤᠮᠵᠢᠯ ᠳᠤ ᠪᠠᠰᠠ ᠪᠠᠷᠢᠯᠭ᠎ᠠ ᠶᠢᠨ ᠲᠥᠬᠦᠭᠡᠷᠦᠮᠵᠢ ᠶᠢᠨ ᠳᠠᠮᠵᠢᠭᠤᠯᠭ᠎ᠠ ᠶᠢᠨ ᠪᠦᠲᠦᠴᠡ ᠶᠢᠨ ᠱᠤᠤᠭᠢᠶᠠᠨ᠂ ᠠᠷᠢᠭᠤᠨ ᠴᠡᠪᠡᠷ ᠤᠨ ᠲᠠᠰᠤᠯᠭ᠎ᠠ ᠶᠢᠨ ᠤᠰᠤ ᠭᠠᠳᠠᠭᠰᠢᠯᠠᠭᠤᠯᠬᠤ ᠱᠤᠤᠭᠢᠶᠠᠨ ᠵᠡᠷᠭᠡ ᠳᠤ ᠬᠢᠵᠠᠭᠠᠷᠯᠠᠬᠤ ᠱᠠᠭᠠᠷᠳᠠᠯᠭ᠎ᠠ ᠳᠤᠷᠠᠳᠴᠤ᠂ ᠰᠠᠭᠤᠭᠠᠯᠢ ᠠᠷᠠᠳ ᠤᠨ ᠨᠠᠮ ᠰᠡᠯᠡᠭᠦᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠤᠬᠠᠢ ᠬᠦᠰᠡᠯ ᠱᠠᠭᠠᠷᠳᠠᠯᠭ᠎ᠠ ᠳᠤ ᠦᠨᠡᠨ ᠬᠦ ᠬᠠᠷᠢᠭᠤᠯᠲᠠ ᠥᠭᠴᠡᠢ︾ ᠭᠡᠪᠡ᠃       ᠲᠤᠰᠬᠠᠢ ᠮᠡᠷᠭᠡᠵᠢᠯᠲᠡᠨ ᠤ ᠦᠵᠡᠬᠦ ᠪᠠᠷ᠂ ᠮᠠᠨ ᠤ ᠤᠯᠤᠰ ᠨᠢᠭᠡᠨᠲᠡ ᠨᠠᠰᠤᠵᠢᠯᠲᠠ ᠶᠢᠨ ᠨᠡᠶᠢᠭᠡᠮ ᠳᠤ ᠣᠷᠣᠵᠤ᠂ ᠨᠠᠰᠤᠲᠠᠶᠢᠴᠤᠳ ᠠᠰᠠᠷ ᠤᠨ ᠱᠠᠲᠤ ᠪᠠᠷ ᠪᠠᠭᠤᠬᠤ ᠳᠤ ᠨᠡᠯᠢᠶᠡᠳ ᠬᠦᠴᠢᠷᠲᠡᠢ ᠪᠠᠶᠢᠨ᠎ᠠ᠂ 4 ᠲᠠᠪᠬᠤᠷᠯᠢᠭ ᠠᠴᠠ ᠲᠡᠭᠡᠭᠡᠰᠢ ᠠᠰᠠᠷ ᠲᠤ ᠴᠠᠬᠢᠯᠭᠠᠨ ᠱᠠᠲᠤ ᠤᠭ᠍ᠰᠠᠷᠠᠵᠦ ᠦᠭᠪᠡᠯ ᠨᠠᠰᠤᠵᠢᠯᠲᠠ ᠶᠢᠨ ᠬᠡᠷᠡᠭᠴᠡᠭᠡ ᠶᠢ ᠲᠤᠶᠢᠯ ᠤᠨ ᠶᠡᠭᠡ ᠪᠠᠷ ᠬᠠᠩᠭᠠᠵᠤ ᠴᠢᠳᠠᠬᠤ ᠪᠥᠭᠡᠳ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠪᠠ ᠬᠦᠨᠳᠦ ᠶᠠᠭᠤᠮ᠎ᠠ ᠵᠥᠭᠡᠭᠡᠪᠦᠷᠢᠯᠡᠬᠦ ᠳᠤ ᠴᠦ ᠲᠥᠬᠦᠮ ᠦᠵᠡᠭᠦᠯᠵᠦ ᠴᠢᠳᠠᠨ᠎ᠠ᠃ ᠣᠳᠣᠬᠠᠨ ᠳᠤ ᠶᠡᠭᠡ ᠬᠡᠮᠵᠢᠶᠡᠨ ᠤ ᠣᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠱᠠᠭᠠᠷᠳᠠᠯᠭ᠎ᠠ ᠲᠠᠢ ᠪᠠᠶᠢᠳᠠᠭ ᠪᠣᠯᠪᠠᠴᠤ ᠡᠯ᠎ᠡ ᠵᠦᠢᠯ ᠤᠨ ᠨᠥᠬᠦᠴᠡᠯ ᠤᠨ ᠬᠢᠵᠠᠭᠠᠷᠯᠠᠯ ᠠᠴᠠ ᠪᠣᠯᠵᠤ ᠬᠡᠷᠡᠭᠵᠢᠭᠦᠯᠬᠦ ᠳᠤ ᠮᠠᠰᠢ ᠬᠦᠴᠢᠷᠲᠡᠢ ᠪᠠᠶᠢᠳᠠᠭ᠃ ︽ᠰᠢᠨ᠎ᠡ ᠲᠣᠭᠲᠠᠭᠠᠯ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠱᠠᠭᠠᠷᠳᠠᠯᠭ᠎ᠠ ᠳᠤ ᠲᠣᠭᠲᠠᠭᠠᠭᠰᠠᠨ 7 ᠲᠠᠪᠬᠤᠷᠯᠢᠭ ᠠᠴᠠ  ᠲᠡᠭᠡᠭᠡᠰᠢ ᠠᠰᠠᠷ ᠲᠤ ᠴᠠᠬᠢᠯᠭᠠᠨ ᠱᠠᠲᠤ ᠤᠭᠰᠠᠷᠠᠬᠤ ᠶᠢ 4 ᠲᠠᠪᠬᠤᠷᠯᠢᠭ ᠠᠴᠠ  ᠲᠡᠭᠡᠭᠡᠰᠢ ᠠᠰᠠᠷ ᠲᠤ ᠴᠠᠬᠢᠯᠭᠠᠨ ᠱᠠᠲᠤ ᠤᠭᠰᠠᠷᠠᠬᠤ ᠪᠣᠯᠭᠠᠨ ᠳᠡᠭᠡᠭᠰᠢᠯᠡᠭᠦᠯᠵᠦ᠂ ᠵᠣᠩᠬᠢᠯᠠᠬᠤ ᠣᠯᠠᠨ ᠲᠣᠭᠠᠨ ᠤ ᠣᠷᠣᠨ ᠰᠠᠭᠤᠴᠠ ᠶᠢᠨ ᠪᠠᠷᠢᠯᠭ᠎ᠠ ᠶᠢ ᠦᠨᠳᠦᠰᠦᠨ ᠳᠡᠭᠡᠨ ᠬᠠᠮᠤᠷᠴᠤ᠂ ᠢᠷᠡᠭᠡᠳᠦᠢ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠪᠡᠷᠬᠡ ᠠᠰᠠᠭᠤᠳᠠᠯ ᠲᠤᠯᠭᠠᠷᠠᠬᠤ ᠠᠴᠠ ᠵᠠᠶᠢᠯᠠᠰᠬᠢᠵᠦ ᠴᠢᠳᠠᠨ᠎ᠠ︾ ᠭᠡᠵᠦ ᠽᠧᠩ ᠢᠦᠢ ᠲᠠᠨᠢᠯᠴᠠᠭᠤᠯᠪᠠ᠃       ᠡᠭᠦᠨ ᠢᠶᠠᠷ ᠪᠠᠷᠠᠬᠤ ᠦᠭᠡᠢ᠂ ᠰᠢᠨ᠎ᠡ ᠲᠣᠭᠲᠠᠭᠠᠯ ᠳᠤ ᠪᠠᠰᠠ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠵᠠᠢ ᠪᠠ ᠴᠠᠬᠢᠯᠭᠠᠨ ᠱᠠᠲᠤ ᠶᠢᠨ ᠰᠡᠦᠬᠡᠨ ᠳᠤ ᠭᠠᠷ ᠤᠲᠠᠰᠤ ᠶᠢ ᠴᠠᠭ ᠲᠤᠬᠠᠢ ᠳᠤᠨᠢ ᠲᠤᠰᠴᠤ ᠠᠪᠬᠤ ᠪᠤᠶᠤ ᠤᠲᠠᠰᠤᠳᠠᠵᠤ ᠪᠣᠯᠬᠤ ᠶᠢ ᠪᠠᠳᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠭᠡᠨᠡᠳᠲᠡ ᠶᠢᠨ ᠬᠡᠷᠡᠭ ᠭᠠᠷᠪᠠᠯ᠂ ᠴᠠᠭ ᠲᠤᠬᠠᠢ ᠳᠤᠨᠢ ᠭᠠᠳᠠᠭᠠᠳᠤ ᠲᠠᠢ ᠬᠠᠷᠢᠯᠴᠠᠵᠤ᠂ ᠰᠠᠭᠤᠭᠠᠯᠢ ᠡᠷᠦᠬᠡ ᠶᠢᠨ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ ᠪᠣᠯᠣᠨ᠎ᠠ᠃       ᠠᠵᠢᠯ ᠲᠥᠷᠥᠯ ᠤᠨ ᠬᠡᠯᠪᠡᠷᠢ ᠶᠢᠨ ᠬᠤᠪᠢᠷᠠᠭᠤᠯᠤᠯᠲᠠ ᠨᠢ ᠰᠢᠨ᠎ᠡ ᠠᠵᠠ ᠲᠣᠬᠢᠶᠠᠯ ᠢ ᠪᠤᠢ ᠪᠣᠯᠪᠠ      ᠰᠢᠨ᠎ᠡ ᠲᠣᠭᠲᠠᠭᠠᠯ ᠳᠤ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠬᠤ ᠶᠢᠨ ᠵᠡᠷᠭᠡ ᠳᠤ᠂ ᠮᠡᠷᠭᠡᠵᠢᠯ ᠤᠨ ᠡᠨᠧᠷᠬᠢ ᠣᠯᠭᠤᠯᠲᠠ ᠨᠢ ᠴᠦ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠤᠯᠠᠮᠵᠢᠯᠠᠯᠲᠤ ᠵᠠᠭᠪᠤᠷ ᠠᠴᠠ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠪᠠ᠃       ᠵᠧᠵᠢᠶᠠᠩ ᠤᠨ ᠨᠢᠩᠪᠦ᠋ᠸᠧ ᠶᠢᠨ ᠨᠢᠭᠡᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠬᠥᠪᠥᠮᠡᠯ ᠠᠰᠠᠷ ᠤᠨ ᠬᠠᠪᠲᠠᠰᠤ ᠶᠢᠨ ᠪᠠᠷᠢᠯᠭ᠎ᠠ ᠶᠢᠨ ᠤᠷᠠᠯᠠᠯ ᠢ ᠬᠢᠵᠦ ᠪᠠᠶᠢᠨ᠎ᠠ᠃ ︽ᠡᠶᠢᠮᠦᠷᠬᠦᠦ ᠤᠷᠠᠯᠠᠯ ᠨᠢ ᠠᠰᠠᠷ ᠤᠨ ᠬᠠᠪᠲᠠᠰᠤᠨ ᠳᠡᠭᠡᠷ᠎ᠡ ᠬᠠᠷᠢᠮᠠᠬᠠᠢ ᠴᠢᠨᠠᠷᠲᠠᠢ ᠲᠠᠰᠤᠯᠤᠪᠴᠢ ᠪᠣᠢ ᠪᠣᠯᠭᠠᠵᠤ᠂ ᠮᠥᠷᠭᠦᠯᠲᠡ ᠶᠢᠨ ᠳᠠᠭᠤᠨ ᠤ ᠲᠠᠷᠬᠠᠯᠲᠠ ᠶᠢ ᠪᠦᠲᠦᠮᠵᠢᠲᠡᠶ ᠪᠠᠷ ᠬᠤᠷᠢᠭᠯᠠᠵᠤ ᠴᠢᠳᠠᠳᠠᠭ︾᠃ ᠲᠣᠰ ᠭᠠᠷ ᠤᠷᠠᠯᠠᠯ ᠢ ᠬᠡᠷᠡᠭᠯᠡᠭᠰᠡᠨ ᠤ ᠳᠠᠷᠠᠭ᠎ᠠ᠂ ᠠᠰᠠᠷ ᠤᠨ ᠬᠠᠪᠲᠠᠰᠤ ᠶᠢᠨ ᠮᠥᠷᠭᠦᠯᠳᠦᠬᠦ ᠲᠠᠭᠤᠨ ᠤ ᠲᠠᠭᠤ ᠬᠥᠨᠳᠡᠶᠢᠷᠡᠭᠦᠯᠬᠦ ᠴᠢᠳᠠᠮᠵᠢ ᠨᠢ ᠶᠡᠭᠡ ᠪᠠᠷ ᠳᠡᠭᠡᠭᠰᠢᠯᠡᠬᠦ ᠪᠣᠯᠣᠨ᠎ᠠ ᠭᠡᠵᠦ ᠲᠥᠷᠥᠯ ᠵᠦᠢᠯ ᠤᠨ ᠮᠡᠷᠭᠡᠵᠢᠯ ᠤᠨ ᠬᠠᠷᠢᠭᠤᠴᠠᠯᠭᠠᠲᠠᠨ ᠲᠠᠨᠢᠯᠴᠠᠭᠤᠯᠵᠠᠢ᠃      ᠡᠭᠦᠨ ᠢᠶᠠᠷ ᠪᠠᠷᠠᠬᠤ ᠦᠭᠡᠢ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠨᠢ ᠴᠦ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ︽ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ︾ ᠪᠠᠶᠢᠨ᠎ᠠ᠃ ᠭᠤᠸᠠᠩᠳᠦ᠋ᠩ ᠤᠨ ᠹᠦᠸᠧᠱᠠᠨ ᠤ ᠨᠢᠭᠡᠨ ᠪᠠᠷᠢᠯᠭ᠎ᠠ ᠶᠢᠨ ᠲᠠᠯᠠᠪᠠᠢ ᠳᠤ᠂ ᠪᠠᠷᠢᠯᠭ᠎ᠠ ᠶᠢᠨ ᠲᠠᠯ᠎ᠠ ᠶᠢᠨ ᠬᠢᠨ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠢ ᠠᠰᠢᠭᠯᠠᠵᠤ᠂ ᠣᠷᠣᠨ ᠰᠠᠭᠤᠴᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠲᠣᠭᠠᠴᠢᠯᠠᠭᠰᠠᠨ ᠬᠠᠮᠢᠶᠠᠷᠤᠯᠲᠠ ᠬᠡᠷᠡᠭᠵᠢᠭᠦᠯᠵᠡᠢ᠃ ︽ᠵᠢᠷᠤᠭ ᠲᠥᠯᠥᠪᠯᠡᠭᠡ ᠬᠢᠬᠦ ᠠᠴᠠ ᠠᠪᠤᠭᠠᠳ ᠪᠠᠷᠢᠯᠭ᠎ᠠ ᠪᠠᠷᠢᠬᠤ ᠬᠦᠷᠲᠡᠯ᠎ᠡ᠂ ᠳᠠᠬᠢᠭᠠᠳ ᠰᠢᠯᠭᠠᠨ ᠠᠪᠬᠤ ᠪᠠ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠶᠢ ᠴᠥᠮ ᠮᠥᠷᠳᠡᠨ ᠨᠡᠬᠡᠮᠵᠢᠯᠡᠵᠦ᠂ ᠰᠢᠨ᠎ᠡ ᠲᠣᠭᠲᠠᠭᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠵᠤ ᠴᠢᠳᠠᠨ᠎ᠠ︾ ᠭᠡᠵᠦ ᠲᠦᠷᠦᠯ ᠵᠦᠢᠯ ᠤᠨ ᠬᠠᠷᠢᠭᠤᠴᠠᠯᠭᠠᠲᠠᠨ ᠢᠯᠡᠳᠬᠡᠪᠡ᠃ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠤᠯᠳᠠ ᠨᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠳᠤ ᠥᠷᠭᠡᠨ ᠳᠡᠯᠭᠡᠷ ᠬᠡᠷᠡᠭᠯᠡᠭᠡᠨ ᠤ ᠣᠷᠣᠨ ᠵᠠᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠵᠤ ᠴᠢᠳᠠᠬᠤ ᠶᠤᠮ᠃      ︽ᠣᠷᠣᠨ ᠰᠠᠭᠤᠴᠠ ᠶᠢᠨ ᠬᠡᠯᠪᠡᠷᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠲᠥᠷᠥᠯ ᠵᠦᠢᠯ ᠤᠨ ᠪᠣᠷᠤᠯᠠᠭᠤᠯᠭ᠎ᠠ ᠶᠢᠨ ᠨᠣᠷᠮ᠎ᠠ ᠶᠢ ᠴᠤ ᠵᠣᠬᠢᠴᠠᠩᠭᠤᠢ ᠪᠠᠷ ᠳᠡᠭᠡᠭᠰᠢᠯᠡᠭᠦᠯᠵᠡᠢ︾᠃ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠨᠠᠩ ᠰᠠᠶᠢᠨ ᠵᠠᠬ᠎ᠠ ᠳᠡᠯᠭᠡᠭᠦᠷ ᠤᠨ ᠠᠰᠢᠭ ᠲᠤᠰᠠ ᠭᠥᠷᠳᠡᠭᠰᠡᠨ ᠪᠠᠶᠢᠨ᠎ᠠ ᠭᠡᠵᠦ ᠣᠯᠠᠨ ᠭᠡᠷ ᠪᠠᠶᠢᠰᠢᠩ ᠤᠨ ᠠᠵᠤ ᠠᠬᠤᠶᠢᠯᠠᠯ ᠢᠯᠡᠷᠬᠡᠶᠢᠯᠡᠪᠡ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠲᠡᠷᠡ ᠨᠢ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ᠂ ᠨᠡᠶᠢᠭᠡᠮ ᠪᠠ ᠮᠡᠷᠭᠡᠵᠢᠯ ᠵᠡᠷᠭᠡ ᠣᠯᠠᠨ ᠬᠦᠷᠢᠶᠡᠨ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠭᠠᠵᠠᠷ ᠤᠨ ᠬᠢᠨ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠷᠢᠮᠵᠢᠶ᠎ᠠ᠂ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠨᠢᠭᠡᠨᠲᠡ ᠮᠠᠰᠢ ᠣᠯᠠᠨ ᠰᠢᠨ᠎ᠡ ᠶᠢ ᠡᠭᠦᠳᠬᠦ ᠰᠦᠪᠡᠭᠴᠢᠯᠡᠯᠲᠡ ᠪᠠ ᠦᠢᠯᠡᠳᠦᠯᠭᠡ ᠬᠢᠭᠰᠡᠨ ᠪᠠᠶᠢᠨ᠎ᠠ᠃ ᠲᠥᠷᠥᠯ ᠵᠦᠢᠯ ᠤᠨ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠠᠴᠠ ᠲᠦᠷᠦᠭᠦᠯᠡᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ︽ᠰᠠᠶᠢᠨ ᠭᠡᠷ ᠪᠠᠶᠢᠰᠢᠩ︾ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠥᠲᠥᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠲᠠᠸᠠᠷ ᠤᠨ ᠭᠡᠷ ᠪᠠᠶᠢᠰᠢᠩ ᠤᠨ ᠳᠣᠲᠣᠷ᠎ᠠ ︽ᠰᠠᠶᠢᠨ ᠭᠡᠷ ᠪᠠᠶᠢᠰᠢᠩ︾ ᠪᠠᠶᠢᠭᠤᠯᠬᠤ ᠶᠢ ᠳᠠᠭᠠᠭᠤᠯᠤᠨ᠎ᠠ᠃ ᠬᠡᠰᠡᠭ ᠭᠠᠵᠠᠷ ᠣᠷᠣᠨ ᠤ ᠬᠢᠨ ᠪᠠᠰᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠠᠷᠭ᠎ᠠ ᠪᠠᠷ ︽ᠬᠠᠭᠤᠴᠢᠨ ᠭᠡᠷ ᠪᠠᠶᠢᠰᠢᠩ︾ ᠢ ︽ᠰᠠᠶᠢᠨ ᠭᠡᠷ ᠪᠠᠶᠢᠰᠢᠩ︾ ᠪᠣᠯᠭᠠᠬᠤ ᠶᠢ ᠬᠠᠶᠢᠨ ᠰᠦᠪᠡᠭᠴᠢᠯᠡᠵᠦ᠂ ᠥᠪᠡᠷ ᠥᠪᠡᠷ ᠤᠨ ᠣᠨᠴᠠᠯᠢᠭ ᠲᠠᠢ ︽ᠰᠠᠶᠢᠨ ᠭᠡᠷ ᠪᠠᠶᠢᠰᠢᠩ︾ ᠤᠨ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠠᠷᠠᠳ ᠤᠯᠠᠨ ᠤ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃       ︽︿ᠰᠠᠶᠢᠨ ᠭᠡᠷ ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠨᠢ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠬᠦ᠂ ᠴᠢᠨᠠᠷ ᠰᠠᠶᠢᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠬᠦ᠂ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ᠂ ᠤᠯᠤᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠵᠡᠷᠭᠡ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ︾᠃ ᠲᠠᠷᠠᠭᠠᠴᠢ ᠶᠢᠨ ᠠᠯᠬᠤᠮ ᠳᠤ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠴᠢᠬᠤᠯᠠᠲᠠᠢ᠂ ᠢᠯᠠᠩᠭᠤᠶ᠎ᠠ ᠭᠠᠵᠠᠷ ᠰᠢᠷᠣᠢ ᠶᠢᠨ ᠠᠰᠢᠭ ᠣᠯᠭᠤᠬᠤ᠂ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠡᠳ᠋ ᠤᠨ ᠵᠠᠰᠠᠭ ᠤᠨ ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠰᠤᠳᠤᠯᠵᠤ ᠨᠡᠶᠢᠲᠡᠯᠡᠬᠦ ᠬᠡᠷᠡᠭᠲᠡᠢ ᠭᠡᠵᠦ ᠴᠠᠢ ᠴᠢᠶᠠᠩ ᠦᠵᠡᠵᠦ ᠪᠠᠶᠢᠨ᠎ᠠ᠃      ᠨᠢᠭᠡᠨᠲᠡ ᠪᠠᠶᠢᠭ᠎ᠠ ᠣᠷᠣᠨ ᠰᠠᠭᠤᠴᠠ ᠶᠢ ᠰᠢᠨ᠎ᠡ ᠪᠠᠷᠢᠮᠵᠢᠶ᠎ᠠ ᠳᠤ ᠵᠤᠯᠭᠠᠭᠤᠯᠤᠨ᠎ᠠ       ᠴᠦᠩᠴᠢᠩ ᠤᠨ ᠢᠦᠢ ᠵᠦᠩ ᠲᠣᠭᠤᠷᠢᠭ ᠤᠨ ᠵᠦᠩ ᠱᠠᠨ ᠬᠤᠶᠠᠳᠤᠭᠠᠷ ᠵᠠᠮ ᠤᠨ ᠬᠤᠩ ᠰᠢᠩ ᠲᠢᠩ ᠫᠦᠸᠧ ᠰᠠᠭᠤᠭᠠᠯᠢ ᠠᠷᠠᠳ ᠤᠨ ᠲᠣᠭᠤᠷᠢᠭ  ᠨᠢ 20 ᠳ᠋ᠤᠭᠠᠷ ᠵᠠᠭᠤᠨ ᠤ ᠨᠠᠶᠠᠭᠠᠳ ᠣᠨ ᠳᠤ ᠪᠠᠶᠢᠭᠤᠯᠤᠭᠰᠠᠨ ᠪᠣᠯᠬᠤᠷ ᠭᠠᠵᠠᠷ ᠤᠨ ᠪᠠᠶᠢᠴᠠ ᠶᠢᠨ ᠥᠨᠳᠥᠷ ᠤᠨ ᠵᠥᠷᠢᠶ᠎ᠡ ᠨᠢ ᠶᠡᠭᠡ᠂ ᠱᠠᠲᠤ ᠨᠢ ᠣᠯᠠᠨ ᠮᠥᠷᠲᠡᠭᠡᠨ ᠣᠷᠳᠣ ᠪᠠᠶᠢᠵᠤ᠂ ᠴᠠᠬᠢᠯᠭᠠᠨ ᠱᠠᠲᠤ ᠪᠠ ᠰᠠᠭᠠᠳ ᠦᠭᠡᠢ ᠨᠡᠪᠲᠡᠷᠡᠬᠦ ᠵᠠᠮ ᠦᠭᠡᠢ ᠪᠣᠯᠬᠤᠷ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠤᠶᠢᠯ ᠤᠨ ᠳᠥᠭᠦᠮ ᠦᠭᠡᠢ ᠪᠠᠶᠢᠪᠠ᠃ 2023 ᠣᠨ ᠳᠤ᠂ ᠰᠠᠭᠤᠭᠠᠯᠢ ᠠᠷᠠᠳ ᠤᠨ ᠲᠣᠭᠤᠷᠢᠭ ᠲᠤ 5 ᠰᠠᠭᠠᠳ ᠦᠭᠡᠢ ᠴᠠᠬᠢᠯᠭᠠᠨ ᠱᠠᠲᠤ ᠶᠢ ᠥᠭᠡᠷᠡᠴᠢᠯᠡᠨ ᠪᠠᠶᠢᠭᠤᠯᠵᠤ᠂ 7 ᠰᠠᠭᠠᠳ ᠦᠭᠡᠢ ᠨᠠᠯᠠᠤ ᠵᠠᠮ ᠪᠠ 1 ᠰᠠᠭᠠᠳ ᠦᠭᠡᠢ ᠨᠡᠪᠲᠡᠷᠡᠬᠦ ᠵᠠᠮ ᠢ ᠵᠠᠰᠠᠵᠤ᠂ ᠪᠠᠰᠠ ᠨᠠᠯᠠᠤ ᠵᠠᠮ ᠵᠠᠰᠠᠵᠤ ᠳᠡᠶᠢᠯᠬᠦ ᠦᠭᠡᠢ ᠭᠠᠵᠠᠷ ᠲᠤ 3 ᠰᠠᠭᠤᠷᠢ ᠠᠰᠠᠷ ᠠᠪᠠᠷᠢᠬᠤ ᠮᠠᠰᠢᠨ ᠲᠣᠬᠢᠷᠠᠭᠤᠯᠵᠤ᠂ ᠰᠠᠭᠤᠭᠠᠯᠢ ᠠᠷᠠᠳ ᠢ ︽ᠳᠠᠷᠤᠭᠤᠯ ᠢ ᠲᠠᠷᠤᠮᠠᠭᠴᠠ ᠰᠢᠭᠤᠳ ᠭᠡᠷ ᠤᠨ ᠡᠭᠦᠳᠡᠨ ᠳᠤ ᠬᠦᠷᠭᠡᠬᠦ︾ ᠪᠣᠯᠭᠠᠪᠠ᠃         ᠡᠳᠡᠭᠡᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠰᠠᠭᠤᠭᠠᠯᠢ ᠠᠷᠠᠳ ᠤᠨ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠭᠠᠵᠠᠢ᠃ ︽ᠥᠩᠭᠡᠷᠡᠭᠰᠡᠨ ᠳᠤ ᠭᠠᠳᠠᠭᠰᠢ ᠭᠠᠷᠬᠤ ᠳᠤ ᠳᠠᠩᠴᠢ ᠬᠦᠴᠢᠷᠲᠡᠢ᠂ ᠮᠢᠨᠤ ᠪᠡᠶ᠎ᠡ ᠳᠥᠭᠦᠮ ᠦᠭᠡᠢ᠂ ᠠᠰᠠᠷ ᠠᠴᠠ ᠪᠠᠷᠤᠭ ᠪᠠᠭᠤᠬᠤ ᠦᠭᠡᠢ ᠪᠠᠶᠢᠵᠠᠢ︾᠂ ︽ᠤᠳᠤ ᠥᠪᠡᠷ ᠢᠶᠠᠨ ᠠᠰᠠᠷ ᠠᠴᠠ ᠪᠠᠭᠤᠵᠤ ᠨᠡᠷᠡᠨ ᠳᠤ ᠡᠭᠡᠭᠡᠵᠦ ᠳᠡᠶᠢᠯᠬᠦ ᠪᠣᠯᠵᠠᠢ᠂ ᠰᠠᠭᠤᠭᠠᠯᠢ ᠠᠷᠠᠳ ᠤᠨ ᠲᠣᠭᠤᠷᠢᠭ ᠲᠤ ᠬᠦᠷ ᠬᠥᠭᠵᠢᠶᠡᠨ ᠲᠠᠢ ᠪᠣᠯᠵᠠᠢ︾᠂ ᠴᠦᠩᠴᠢᠩ ᠬᠤᠲᠠ ᠶᠢᠨ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠳᠤᠮᠳᠠ᠂ ︽ᠨᠢᠭᠡ ᠨᠠᠰᠤᠲᠠᠨ ᠨᠢᠭᠡ ᠨᠢᠯᠬᠠᠰ︾ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ᠃ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠳᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠲᠦᠰᠢᠭᠦᠷ ᠢ ᠨᠡᠮᠡᠭᠳᠡᠭᠦᠯᠬᠦ᠂ ᠰᠠᠭᠠᠳ ᠦᠭᠡᠢ ᠨᠡᠪᠲᠡᠷᠡᠬᠦ ᠵᠠᠮ ᠢ ᠨᠡᠮᠡᠵᠦ ᠪᠠᠶᠢᠭᠤᠯᠬᠤ ᠵᠡᠷᠭᠡ ᠪᠠᠭᠲᠠᠬᠤ ᠪᠠᠷ ᠪᠠᠷᠠᠬᠤ ᠦᠭᠡᠢ ᠪᠠᠰᠠ ᠨᠠᠰᠤᠲᠠᠶᠢᠴᠤᠳ ᠤᠨ ᠰᠡᠯᠡᠭᠦᠴᠡᠨ ᠪᠣᠯᠪᠠᠰᠤᠷᠠᠬᠤ ᠲᠠᠯᠠᠪᠤᠷ ᠢ ᠪᠠᠶᠠᠯᠢᠭᠵᠢᠭᠤᠯᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠲᠡᠭᠦᠯᠳᠡᠷᠵᠢᠭᠦᠯᠬᠦ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠨ᠎ᠠ ᠭᠡᠵᠦ ᠰᠠᠭᠤᠭᠠᠯᠢ ᠠᠷᠠᠳ ᠴᠧᠨ ᠢᠦᠢ ᠬᠡᠯᠡᠪᠡ᠃          ︽ᠪᠢᠳᠡ ᠶᠠᠭ ︿ᠰᠠᠶᠢᠨ ᠭᠡᠷ ᠪᠠᠶᠢᠰᠢᠩ﹀ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠵᠢᠷᠤᠭ ᠲᠥᠯᠥᠪᠯᠡᠭᠡ ᠶᠢᠨ ᠵᠢᠯᠤᠭᠤᠳᠬᠤ ᠳᠦᠷᠢᠮ ᠢ ᠲᠤᠭᠤᠷᠪᠢᠵᠤ ᠪᠠᠶᠢᠨ᠎ᠠ᠂ ᠢᠷᠡᠭᠡᠳᠦᠢ ᠳᠤ ᠨᠠᠩ ᠣᠯᠠᠨ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠤᠶᠤᠨᠴᠢ ︿ᠰᠠᠶᠢᠨ ᠭᠡᠷ ᠪᠠᠶᠢᠰᠢᠩ﹀ ᠢ ᠪᠦᠳᠦᠭᠡᠨ ᠪᠠᠶᠢᠭᠤᠯᠵᠤ ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ︾ ᠭᠡᠵᠦ ᠴᠦᠩᠴᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠠᠢ᠃         ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ︽ᠰᠥᠷᠭᠡᠦ ᠳᠠᠭᠠᠷᠢᠯᠲᠠ︾ ᠶᠢᠨ ᠥᠭᠡᠷᠡᠴᠢᠯᠡᠯᠲᠡ ᠠᠴᠠ ᠪᠠᠳᠤᠯᠠᠭ᠎ᠠ ᠶᠢᠨ ᠣᠷᠣᠨ ᠰᠠᠭᠤᠴᠠ ᠶᠢᠨ ᠲᠦᠷᠦᠯ ᠵᠦᠢᠯ ᠤᠨ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠦᠷᠲᠡᠯ᠎ᠡ᠂ ︽ᠰᠠᠶᠢᠨ ᠭᠡᠷ ᠪᠠᠶᠢᠰᠢᠩ︾ ᠤᠨ ᠣᠶᠢᠯᠠᠭᠠᠭᠳᠠᠬᠤᠨ ᠠᠯᠬᠤᠮ ᠠᠯᠬᠤᠮ ᠢᠶᠠᠷ ᠨᠡᠩ ᠤᠯᠠᠨ ᠬᠥᠮᠥᠰ ᠢ ᠬᠠᠮᠤᠷᠴᠤ ᠪᠤᠢ᠃          ᠱᠧᠨᠵᠧᠨ ᠤ ᠴᠠᠩ ᠵᠧᠨ ᠤᠯᠠᠨ ᠨᠡᠶᠢᠲᠡ ᠶᠢᠨ ᠣᠷᠣᠨ ᠰᠠᠭᠤᠴᠠ ᠶᠢᠨ ᠲᠦᠷᠦᠯ ᠵᠦᠢᠯ ᠤᠨ ᠲᠣᠭᠤᠷᠢᠭ ᠲᠤ᠂ ᠤᠢ ᠮᠣᠳᠣ ᠬᠥᠬᠡᠷᠡᠨ ᠨᠣᠭᠤᠭᠠᠷᠠᠵᠤ᠂ ᠪᠣᠯᠵᠣᠮᠣᠷ ᠰᠢᠪᠠᠭᠤ ᠵᠢᠷᠭᠢᠵᠦ᠂ ᠴᠤ᠋ ᠰᠢᠨ᠎ᠡ ᠥᠨᠳᠥᠷ ᠠᠰᠠᠷ ᠲᠠᠭᠲᠤ ᠨᠤᠭᠤᠳ ᠰᠦᠨᠳᠡᠷᠯᠡᠨ᠎ᠡ᠃ ︽ᠪᠢᠳᠡ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠡᠷᠡᠭᠯᠡᠵᠦ᠂ ᠪᠡᠯᠡᠳᠬᠡᠯ ᠲᠣᠨᠣᠭᠯᠠᠭᠠᠰᠤ ᠶᠢ ᠦᠢᠯᠡᠳᠪᠦᠷᠢ ᠳᠤ ᠦᠢᠯᠡᠳᠪᠦᠷᠢᠯᠡᠭᠰᠡᠨ ᠤ ᠲᠠᠷᠠᠭ᠎ᠠ ᠲᠤᠬᠠᠢ ᠶᠢᠨ ᠲᠠᠯᠠᠪᠤᠷ ᠲᠤ ᠬᠦᠷᠭᠡᠨ ᠤᠭᠰᠠᠷᠠᠵᠤ᠂ ᠤᠭᠰᠠᠷᠠᠯᠲᠠ ᠶᠢᠨ ᠲᠠᠰᠢᠶᠠᠷᠠᠯ ᠢ ᠮᠢᠯᠢᠮᠧᠲᠷ ᠤᠨ ᠲᠡᠰ ᠲᠤ ᠬᠢᠵᠠᠭᠠᠷᠯᠠᠵᠠᠢ︾᠂ ︽ᠡᠭᠦᠨ ᠤ ᠵᠡᠷᠭᠡ ᠳᠤ ᠬᠠᠭᠤᠷᠠᠢ ᠮᠠᠶ᠋ᠢᠭ ᠤᠨ ᠠᠷᠭ᠎ᠠ ᠶᠢ ᠪᠥᠬᠦ ᠲᠠᠯ᠎ᠠ ᠪᠠᠷ ᠬᠡᠷᠡᠭᠯᠡᠨ ᠵᠠᠰᠠᠵᠤ ᠴᠢᠮᠡᠭᠯᠡᠬᠦ ᠨᠢ 30% ~50%  ᠶᠢᠨ ᠵᠠᠰᠠᠵᠤ ᠴᠢᠮᠡᠭᠯᠡᠬᠦ ᠴᠠᠭ ᠢ ᠪᠣᠭᠤᠨᠢᠰᠬᠠᠭᠰᠠᠨ ᠢᠶᠠᠷ ᠪᠠᠷᠠᠬᠤ ᠦᠭᠡᠢ ᠶᠠᠰᠤ ᠴᠢᠨᠠᠷ ᠢ ᠦᠨᠡᠨ ᠬᠦ ᠪᠠᠲᠤᠯᠠᠵᠤ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠯᠲᠠ ᠶᠢᠨ ᠵᠠᠷᠤᠳᠠᠯ ᠢ 80% ᠪᠠᠷ ᠪᠠᠭᠤᠷᠠᠭᠤᠯᠤᠭᠰᠠᠨ ᠪᠠᠶᠢᠨ᠎ᠠ︾ ᠭᠡᠵᠦ ᠲᠥᠷᠥᠯ ᠵᠦᠢᠯ ᠤᠨ ᠬᠠᠷᠢᠭᠤᠴᠠᠯᠭᠠᠲᠠᠨ ᠣᠮᠤᠭ ᠪᠠᠭ᠋ᠠᠳᠤᠯ ᠲᠠᠢ ᠬᠡᠯᠡᠵᠡᠢ᠃        ᠴᠧᠨ ᠠᠪᠤᠭᠠᠢ ᠪᠣᠯ ᠰᠠᠭᠤᠭᠠᠯᠢ ᠠᠷᠠᠳ ᠤᠨ ᠲᠣᠭᠤᠷᠢᠭ ᠤᠨ ᠠᠩᠬᠠᠨ ᠤ ᠰᠠᠭᠤᠭᠠᠯᠢ ᠡᠷᠦᠬᠡ ᠮᠥᠨ᠂ ᠨᠢᠭᠡ ᠭᠡᠷ ᠤᠨ ᠳᠥᠷᠪᠡᠨ ᠠᠮᠠ ᠬᠥᠮᠥᠨ 80 ᠭᠠᠷᠤᠢ ᠲᠡᠭᠰᠢ ᠳᠥᠷᠪᠡᠯᠵᠢᠨ ᠮᠧᠲᠷ ᠤᠨ ᠭᠡᠷ ᠲᠤ ᠰᠠᠭᠤᠳᠠᠭ᠃ ᠲᠡᠷᠡ᠄ ︽ᠭᠡᠷ ᠪᠠᠶᠢᠰᠢᠩ ᠢ ᠪᠣᠳᠠᠲᠤ ᠬᠡᠷᠡᠭᠴᠡᠭᠡ ᠲᠠᠢ ᠪᠠᠶᠢᠭᠤᠯᠬᠤ ᠪᠠᠷ ᠪᠠᠷᠠᠬᠤ ᠦᠭᠡᠢ ᠪᠠᠰᠠ ᠮᠠᠰᠢ ᠭᠤᠶᠤ ᠪᠠᠶᠢᠭᠤᠯᠪᠠ᠂ ᠮᠠᠨ ᠤ ᠣᠷᠣᠨ ᠰᠠᠭᠤᠴᠠ ᠶᠢᠨ ᠬᠦᠴᠢᠷᠳᠡᠯ ᠲᠠᠢ ᠠᠷᠠᠳ ᠲᠦᠮᠡᠨ ᠳᠤ ᠠᠪᠴᠤ ᠬᠡᠯᠡᠪᠡᠯ᠂ ᠦᠨᠡᠨ ᠪᠣᠳᠠᠲᠠᠢ ᠪᠠᠲᠤᠯᠠᠭ᠎ᠠ ᠪᠣᠯᠣᠨ᠎ᠠ︾ ᠭᠡᠵᠦ ᠰᠡᠳᠬᠢᠯ ᠲᠤᠭᠳᠤᠯᠤᠨ ᠬᠡᠯᠡᠪᠡ᠃       ᠡᠨᠡ ᠪᠣᠯ ᠣᠳᠣᠬᠠᠨ ᠤ ᠪᠠᠲᠤᠯᠠᠭ᠎ᠠ ᠶᠢᠨ ᠣᠷᠣᠨ ᠰᠠᠭᠤᠴᠠ ᠶᠢᠨ  ᠲᠦᠷᠦᠯ ᠵᠦᠢᠯ ᠤᠨ ︽ᠰᠠᠶᠢᠨ ᠭᠡᠷ ᠪᠠᠶᠢᠰᠢᠩ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠭᠰᠡᠨ ᠤ ᠨᠢᠭᠡᠨ ᠬᠤᠷᠢᠶᠠᠩᠭᠤᠢ ᠳᠦᠷᠰᠦ ᠪᠣᠯᠣᠨ᠎ᠠ᠃        ᠭᠤᠸᠠᠩᠳᠦ᠋ᠩ ᠮᠤᠵᠢ ᠶᠢᠨ ᠱᠧᠨᠵᠧᠨ ᠬᠤᠳᠠ ᠶᠢᠨ ᠯᠦᠩ ᠭᠠᠩ ᠲᠣᠭᠤᠷᠢᠭ ᠤᠨ ᠬᠢᠨ 6 ᠲᠦᠷᠦᠯ ᠵᠦᠢᠯ ᠤᠨ 7026 ᠢᠵᠢ ᠪᠠᠳᠤᠯᠠᠭ᠎ᠠ ᠶᠢᠨ ᠣᠷᠣᠨ ᠰᠠᠭᠤᠴᠠ ᠳᠤ ᠤᠶᠤᠨᠴᠢ ᠡᠵᠡᠮᠳᠡᠯ ᠲᠣᠬᠢᠷᠠᠭᠤᠯᠪᠠ︔ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠬᠢᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠠᠩᠬᠠᠨ ᠤ ᠪᠦᠯᠦᠭ ᠤᠨ 3 ︽ᠰᠠᠶᠢᠨ ᠭᠡᠷ ᠪᠠᠶᠢᠰᠢᠩ︾ ᠤᠨ ᠲᠤᠷᠰᠢᠯᠲᠠ ᠶᠢᠨ ᠲᠦᠷᠦᠯ ᠵᠦᠢᠯ ᠤᠨ ᠲᠣᠳᠣᠷᠬᠠᠢ ᠬᠠᠭᠤᠳᠠᠰᠤᠨ ᠳᠤ ᠣᠷᠣᠭᠤᠯᠵᠠᠢ︔ ᠱᠠᠩᠬᠠᠢ ᠶᠢᠨ ᠫᠦᠳᠦᠶᠢᠩ ᠤᠨ ᠾᠦᠢ ᠨᠠᠨ ᠲᠤᠭᠤᠷᠢᠭ ᠤᠨ ᠬᠠᠢ ᠾᠧᠩ ᠶᠤᠸᠠᠨ ᠪᠠᠲᠤᠯᠠᠭ᠎ᠠ ᠶᠢᠨ ᠣᠷᠣᠨ ᠰᠠᠭᠤᠴᠠ ᠶᠢᠨ ᠲᠥᠷᠥᠯ ᠵᠦᠢᠯ ᠨᠢ ᠪᠥᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠵᠦ᠂ ᠨᠠᠷᠢᠯᠢᠭᠵᠢᠭᠤᠯᠤᠨ ᠬᠠᠮᠢᠶᠠᠷᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ︽ᠰᠠᠶᠢᠨ ᠭᠡᠷ ᠪᠠᠶᠢᠰᠢᠩ︾ ᠤᠨ ᠶᠠᠰᠤ ᠴᠢᠨᠠᠷ ᠢ ᠦᠨᠡᠨ ᠬᠦ ᠮᠡᠳᠡᠷᠡᠭᠦᠯᠪᠡ ᠁ ᠮᠠᠰᠢ ᠣᠯᠠᠨ ᠭᠠᠵᠠᠷ ᠤᠨ ᠬᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤᠮᠳᠠ ︽ᠰᠠᠶᠢᠨ ᠭᠡᠷ ᠪᠠᠶᠢᠰᠢᠩ︾ ᠤᠨ ᠪᠠᠷᠢᠮᠵᠢᠶ᠎ᠠ ᠪᠠᠷ ᠴᠢᠬᠤᠯᠠ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠲᠤ ᠬᠡᠪ ᠳᠠᠭᠤᠷᠢᠶᠠᠯ ᠦᠵᠡᠭᠦᠯᠵᠦ᠂ ᠠᠵᠢᠯ ᠲᠥᠷᠥᠯ ᠤᠨ ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠠᠢ᠃         ︽︿ᠰᠠᠶᠢᠨ ᠭᠡᠷ ᠪᠠᠶᠢᠰᠢᠩ﹀ ᠢ ᠪᠦᠲᠦᠭᠡᠨ ᠪᠠᠶᠢᠭᠤᠯᠬᠤ ᠳᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠨ᠂ ᠰᠢᠨ᠎ᠡ ᠭᠡᠷ ᠪᠠᠶᠢᠰᠢᠩ ᠢ ᠰᠠᠶᠢᠨ ᠭᠡᠷ ᠪᠠᠶᠢᠰᠢᠩ ᠪᠣᠯᠭᠠᠨ ᠪᠦᠲᠦᠭᠡᠨ ᠪᠠᠶᠢᠭᠤᠯᠬᠤ ᠪᠠᠷ ᠪᠠᠷᠠᠬᠤ ᠦᠭᠡᠢ ᠬᠤᠲᠠ ᠶᠢᠨ ᠬᠠᠭᠤᠴᠢᠨ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠬᠦ ᠲᠠᠢ ᠤᠶᠠᠯᠳᠤᠭᠤᠯᠤᠨ᠂ ᠲᠠᠸᠠᠷ ᠤᠨ ᠣᠷᠣᠨ ᠰᠠᠭᠤᠴᠠ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠴᠥᠮ ᠰᠠᠶᠢᠨ ᠭᠡᠷ ᠪᠠᠶᠢᠰᠢᠩ ᠪᠣᠯᠭᠠᠨ ᠪᠦᠲᠦᠭᠡᠨ ᠪᠠᠶᠢᠭᠤᠯᠤᠨ᠎ᠠ︾᠃ ᠭᠠᠵᠠᠷ ᠰᠢᠷᠣᠢ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠬᠤᠯᠪᠣᠭᠳᠠᠯ ᠪᠦᠬᠦᠢ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠬᠡᠷᠡᠭᠵᠢᠭᠦᠯᠵᠦ᠂ ᠦᠷᠭᠦᠯᠵᠢᠯᠡᠨ ᠬᠥᠭᠵᠢᠭᠦᠯᠦᠨ᠎ᠡ ᠭᠡᠵᠦ ᠴᠠᠢ ᠴᠢᠶᠠᠩ ᠢᠯᠡᠳᠬᠡᠪᠡ᠃  ᠢᠷᠡᠯᠲᠡ᠄ ᠭᠤᠸᠠᠩ ᠮᠢᠩ ᠡᠳᠦᠷ ᠤᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1