4 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠲᠣᠭᠲᠠᠬᠤ ᠰᠢᠶᠠᠨ᠂ | ᠲᠦᠮᠡᠳ ᠵᠡᠭᠦᠨ ᠬᠤᠰᠢᠭᠤᠨ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ | ᠃ | ᠪᠤᠤ ᠭᠠᠩ ᠤᠷᠢᠳ ᠬᠤᠵᠢᠳ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ | ᠬᠠᠳᠤᠨ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠡᠷᠭᠢ ᠳᠠᠭᠠᠤ ᠶᠢᠨ ᠲᠣᠰᠬᠤᠨ᠂ ᠲᠦᠮᠡᠳ ᠵᠡᠭᠦᠨ | ᠬᠤᠰᠢᠭᠤᠨ ᠤ ᠬᠠᠢ ᠯᠢᠦ ᠤᠰᠤᠨ ᠴᠥᠭᠦᠷᠥᠮ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠦᠢᠯᠡᠳᠪᠦᠷᠢ ᠵᠡᠷᠭᠡ ᠭᠠᠵᠠᠷ ᠲᠤ ᠬᠦᠷᠴᠦ᠂ | ᠬᠦᠷᠢᠶᠡᠯᠡᠩ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠬᠠᠳᠤᠨ ᠭᠤᠣᠯ ᠤᠨ ᠤᠰᠤᠨ ᠤ | ᠴᠢᠨᠠᠷ ᠢ ᠬᠢᠨᠠᠨ ᠬᠡᠮᠵᠢᠵᠦ ᠬᠠᠮᠠᠭᠠᠯᠠᠬᠤ᠂ ᠳᠤᠮᠳᠠᠬᠢ ᠤᠰᠤ ᠶᠢ ᠠᠰᠢᠭᠯᠠᠬᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠨᠢᠭᠲᠠ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ | ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ | ᠪᠤᠤ ᠭᠠᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ | ᠬᠥᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ | ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ᠎ᠠ᠂ ᠡᠷᠬᠡᠪᠰᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠣᠷᠴᠢᠨ | ᠲᠣᠭᠤᠷᠢᠨ ᠢ ᠦᠷᠡᠭᠳᠡᠭᠦᠯᠵᠦ ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠣᠯᠢᠵᠤ ᠶᠠᠭᠠᠬᠢᠭᠰᠠᠨ ᠴᠤ ᠪᠣᠯᠬᠤ ᠦᠭᠡᠢ᠃ | ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠣᠷᠣᠨ ᠤ ᠲᠥᠪ ᠬᠠᠳᠤᠨ ᠭᠤᠣᠯ ᠤᠨ ᠰᠠᠪᠠ ᠭᠠᠵᠠᠷ ᠤᠨ ᠠᠭᠤᠯᠠ | ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ︽ᠳᠥᠷᠪᠡ ᠶᠢ ᠤᠰᠤ ᠪᠠᠷ ᠳᠥᠷᠪᠡ ᠶᠢ ᠲᠣᠭᠲᠠᠭᠠᠬᠤ︾ | ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠶᠢ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠬ᠎ᠠ | ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ | ᠠᠰᠢᠭᠯᠠᠬᠤ ᠶᠢ ᠰᠢᠯᠢᠳᠡᠭᠵᠢᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠤᠰᠤ᠂ ᠬᠤᠳᠠ ᠪᠠᠯᠭᠠᠰᠤᠨ ᠤ | ᠨᠣᠭᠤᠭᠠᠷᠠᠭᠤᠯᠤᠯᠲᠠ ᠳᠠᠬᠢ ᠳᠤᠮᠳᠠ ᠵᠡᠷᠭᠡ ᠶᠢᠨ ᠤᠰᠤᠨ ᠤ ᠠᠰᠢᠭᠯᠠᠯᠲᠠ ᠶᠢᠨ ᠨᠤᠷᠮ᠎ᠠ ᠶᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠰᠠᠯᠬᠢᠨ ᠢ ᠬᠠᠯᠬᠠᠯᠠᠵᠤ ᠡᠯᠡᠰᠦ ᠶᠢ ᠵᠠᠰᠠᠬᠤ ᠤᠢ ᠶᠢᠨ ᠪᠦᠰᠡ ᠶᠢ ᠰᠠᠶᠢᠲᠤᠷ | ᠪᠠᠶᠢᠭᠤᠯᠵᠤ᠂ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ | ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠵᠤ ᠠᠬᠤᠶᠢᠯᠠᠯ᠂ ᠬᠠᠷᠢᠶ᠎ᠠ ᠣᠷᠣᠨ᠂ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠠᠳᠬᠤᠵᠤ᠂ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠦᠨᠳᠦᠰᠦᠨ ᠠᠴᠠ ᠨᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠦᠨᠡᠨᠬᠦ ᠴᠡᠭᠴᠡᠯᠡᠨ | ᠰᠠᠶᠢᠵᠢᠷᠠᠭᠤᠯᠵᠤ᠂ ᠲᠤᠶᠢᠯᠪᠤᠷᠢᠲᠠᠢ ᠥᠭᠡᠷᠡᠴᠢᠯᠡᠵᠦ᠂ ᠳᠠᠬᠢᠨ ᠰᠡᠷᠭᠦᠬᠦ ᠦᠭᠡᠢ ᠪᠠᠶᠢᠬᠤ ᠶᠢ ᠪᠡᠶᠡᠯᠡᠭᠦᠯᠵᠦ᠂ | ᠬᠠᠶᠠᠭᠳᠠᠮᠠᠯ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠴᠦ | ᠲᠣᠭᠲᠠᠭᠠᠯ ᠳᠤ ᠨᠡᠶᠢᠴᠡᠬᠦ ᠶᠢ ᠪᠠᠲᠤᠯᠠᠵᠤ᠂ ᠥᠨᠳᠥᠷ ᠲᠦᠪᠰᠢᠨ ᠤ ᠬᠠᠮᠠᠭᠠᠯᠠᠯᠲᠠ ᠪᠠᠷ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠼᠤᠤ ᡁᠢ᠂ | ᠬᠤᠲᠠ ᠶᠢᠨ ᠳᠡᠳ᠋ ᠳᠠᠷᠤᠭ᠎ᠠ ᠭᠤᠸ ᠬᠠᠨ ᠣᠷᠣᠯᠴᠠᠵᠠᠢ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |