ᠨᠡᠩ ᠤᠯᠠᠨ ᠨᠥᠬᠦᠴᠡᠯ ᠳᠤ ᠨᠡᠶᠢᠴᠡᠬᠦ ᠬᠡᠦᠬᠡᠳ ᠤᠨ ᠭᠡᠷ ᠪᠦᠯᠢ ᠳᠤ ᠵᠡᠮᠳᠡᠭ ᠬᠡᠦᠬᠡᠳ ᠢ ᠡᠷᠡᠭᠦᠯᠵᠢᠭᠦᠯᠬᠦ | ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠮᠡᠳᠡᠭᠦᠯᠬᠦ ᠶᠢᠨ ᠲᠥᠯᠥᠭᠡ᠂ ᠲᠤᠭᠳᠠᠬᠤ ᠰᠢᠶᠠᠨ ᠤ | ᠵᠡᠮᠳᠡᠭᠴᠦᠳ ᠤᠨ ᠬᠤᠯᠪᠣᠭ᠎ᠠ᠂ ᠬᠡᠦᠬᠡᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ ᠬᠢᠨ 4 ᠳ᠋ᠤᠭᠡᠷ ᠰᠠᠷ᠎ᠠ ᠶᠢᠨ 26 ᠤ | ᠡᠳᠦᠷ᠂ ᠰᠠᠷᠭᠠᠢ ᠴᠡᠴᠡᠷᠯᠢᠭ ᠲᠤ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ | ᠲᠤᠬᠠᠢ ᠶᠢᠨ ᠲᠠᠯᠠᠪᠤᠷ ᠲᠤ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠲᠠᠪᠴᠠᠩ ᠪᠠᠶᠢᠭᠤᠯᠵᠤ᠂ | ᠠᠵᠢᠯᠲᠠᠨ ᠪᠠ ᠣᠨᠴᠠᠭᠠᠶ ᠰᠤᠷᠭᠠᠨ ᠬᠥᠮᠦᠵᠢᠯ ᠤᠨ ᠪᠠᠭᠰᠢ ᠠᠴᠠ ᠠᠰᠠᠭᠤᠨ ᠯᠠᠪᠯᠠᠬᠤ ᠪᠠᠷ ᠢᠷᠡᠭᠰᠡᠨ ᠣᠯᠠᠨ | ᠲᠦᠮᠡᠨ ᠳᠤ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ᠂ | ᠭᠤᠶᠤᠴᠢᠯᠠᠬᠤ ᠨᠥᠬᠦᠴᠡᠯ ᠪᠠ ᠭᠦᠢᠴᠡᠳᠬᠡᠬᠦ ᠶᠠᠪᠤᠴᠠ ᠵᠢᠴᠢ ᠡᠷᠡᠭᠦᠯᠵᠢᠯ ᠤᠨ ᠪᠠᠶᠢᠭᠤᠯᠤᠮᠵᠢ ᠶᠢᠨ ᠠᠵᠢᠯᠲᠠᠨ ᠤ | ᠲᠣᠬᠢᠷᠠᠭᠤᠯᠤᠯᠲᠠ᠂ ᠡᠷᠡᠭᠦᠯᠵᠢᠯ ᠤᠨ ᠲᠥᠷᠥᠯ ᠵᠦᠢᠯ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠵᠡᠷᠭᠡ ᠶᠢ | ᠲᠠᠨᠢᠯᠴᠠᠭᠤᠯᠪᠠ᠃ ᠠᠵᠢᠯᠯᠠᠭ᠎ᠠ ᠶᠢᠨ ᠬᠤᠭᠤᠴᠠᠭᠠᠨ ᠳᠤ 100 ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | 50 ᠭᠠᠷᠤᠢ ᠬᠥᠮᠥᠨ ᠤᠳᠠᠭ᠎ᠠ ᠶᠢᠨ ᠯᠠᠪᠯᠠᠯᠭ᠎ᠠ ᠶᠢ ᠬᠦᠯᠢᠶᠡᠨ ᠠᠪᠴᠠᠢ᠃ | ᠲᠣᠰ ᠤᠳᠠᠭᠠᠨ ᠤ ᠠᠵᠢᠯᠯᠠᠭ᠎ᠠ ᠨᠢ ᠮᠠᠨ ᠤ ᠰᠢᠶᠠᠨ ᠤ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠭᠰᠡᠨ ᠢᠶᠠᠷ ᠪᠠᠷᠠᠬᠤ | ᠦᠭᠡᠢ ᠪᠠᠰᠠ ᠨᠡᠶᠢᠭᠡᠮ ᠤᠨ ᠵᠡᠮᠳᠡᠭ ᠬᠡᠦᠬᠡᠳ ᠤᠨ ᠡᠷᠡᠭᠦᠯᠵᠢᠯ ᠤᠨ ᠲᠤᠬᠠᠢ ᠠᠩᠬᠠᠷᠤᠯ ᠪᠠ ᠳᠡᠮᠵᠢᠯᠭᠡ ᠶᠢ | ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ | ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠥᠬᠦᠴᠡᠯ ᠳᠤ | ᠨᠡᠶᠢᠴᠡᠬᠦ ᠨᠡᠩ ᠤᠯᠠᠨ ᠵᠡᠮᠳᠡᠭ ᠬᠡᠦᠬᠡᠳ ᠲᠤ ᠡᠷᠡᠭᠦᠯᠵᠢᠯ ᠤᠨ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ | ᠡᠳ᠋ᠯᠡᠭᠦᠯᠵᠦ᠂ ᠲᠡᠳᠡᠨ ᠢ ᠬᠠᠪᠰᠤᠷᠴᠤ ᠡᠷᠲᠡᠬᠡᠨ ᠡᠷᠡᠭᠦᠯᠵᠢᠭᠦᠯᠵᠦ᠂ ᠨᠡᠶᠢᠭᠡᠮ ᠤᠨ ᠤᠯᠠᠨ ᠲᠦᠮᠡᠨ ᠳᠤ | ᠠᠭᠤᠰᠤᠯᠴᠠᠭᠤᠯᠤᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ |