ᠬᠤᠲᠠ ᠶᠢᠨ ᠥᠨᠳᠥᠷ ᠲᠠᠪᠬᠤᠷᠯᠢᠭ ᠤᠨ ᠪᠠᠷᠢᠯᠭ᠎ᠠ ᠳᠤ᠂ ᠳᠠᠮᠵᠢᠭᠤᠯᠬᠤ ᠬᠤᠭᠤᠯᠠᠢ ᠶᠢᠨ ᠠᠵᠢᠯᠯᠠᠭᠠᠨ ᠨᠢ | ᠲᠤᠶᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠨᠡᠶᠢᠲᠡ ᠶᠢᠨ ᠳᠠᠮᠵᠢᠭᠤᠯᠬᠤ ᠬᠤᠭᠤᠯᠠᠢ ᠨᠢ ᠠᠳᠠᠯᠢ | ᠨᠢᠭᠡᠨ ᠠᠰᠠᠷ ᠤᠨ ᠪᠤᠢ ᠪᠦᠬᠦᠢ ᠠᠶᠢᠯ ᠡᠷᠦᠬᠡ ᠲᠠᠢ ᠵᠠᠯᠭᠠᠯᠳᠤᠵᠤ᠂ ᠲᠦᠭᠵᠢᠷᠡᠵᠦ ᠪᠦᠭᠯᠡᠷᠡᠪᠡᠯ ᠭᠡᠷ ᠪᠠᠶᠢᠰᠢᠩ ᠡᠳ᠋ | ᠬᠦᠷᠦᠩᠭᠡ ᠬᠤᠬᠢᠷᠠᠯ ᠳᠤ ᠤᠴᠠᠷᠠᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠢᠭᠤᠷᠠᠯᠳᠤᠭᠠᠨ ᠢ ᠦᠷᠭᠦᠯᠵᠢ | ᠡᠭᠦᠰᠬᠡᠳᠡᠭ᠃ ᠡᠶᠢᠮᠦᠷᠬᠦᠦ ᠪᠠᠶᠢᠳᠠᠯ ᠳᠤ ᠬᠠᠷᠢᠭᠤᠴᠠᠯᠭ᠎ᠠ ᠶᠢ ᠬᠡᠨ ᠡᠭᠦᠷᠭᠡᠯᠡᠪᠡᠯ ᠵᠣᠬᠢᠬᠤ ᠪᠤᠢ︖ ᠵᠧᠵᠢᠶᠠᠩ | ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠡᠶᠢᠲᠡᠯᠡᠭᠰᠡᠨ ᠨᠢᠭᠡᠨ ᠬᠡᠷᠡᠭ ᠤᠨ ᠵᠢᠱᠢᠶ᠎ᠡ ᠶᠢ | ᠦᠵᠡᠶ᠎ᠡ᠃ | ᠠᠷᠢᠭᠤᠨ ᠴᠡᠪᠡᠷ ᠤᠨ ᠲᠠᠰᠤᠯᠭ᠎ᠠ ᠶᠢᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠲᠦᠭᠵᠢᠷᠡᠭᠰᠡᠨ ᠠᠴᠠ | ᠪᠣᠯᠵᠤ ᠦᠮᠴᠢᠳᠡᠨ ᠤ ᠡᠳ᠋ ᠬᠦᠷᠦᠩᠭᠡ ᠶᠢᠨ ᠬᠤᠬᠢᠷᠠᠯ ᠤᠴᠠᠷᠠᠵᠤ ᠲᠡᠭᠡᠳᠦ ᠲᠠᠪᠬᠤᠷᠯᠢᠭ ᠤᠨ 10 ᠦᠮᠴᠢᠳᠡᠨ ᠢ | ᠵᠠᠭᠠᠯᠳᠤᠪᠠ | 2023 ᠣᠨ ᠤ 8 ᠳ᠋ᠤᠭᠠᠷ ᠰᠠᠷ᠎ᠠ ᠳᠤ᠂ ᠵᠧᠵᠢᠶᠠᠩ ᠮᠤᠵᠢ ᠶᠢᠨ ᠠᠨ ᠵᠢᠢ ᠰᠢᠶᠠᠨ ᠤ ᠨᠢᠭᠡᠨ ᠰᠠᠭᠤᠭᠠᠯᠢ | ᠠᠷᠠᠳ ᠤᠨ ᠲᠣᠭᠤᠷᠢᠭ ᠤᠨ 503 ᠲᠠᠰᠤᠭ ᠤᠨ ᠥᠮᠴᠢᠲᠡᠨ ᠥᠪᠡᠷ ᠤᠨ ᠭᠡᠷ ᠤᠨ ᠣᠷᠣᠢ ᠠᠴᠠ ᠤᠰᠤ | ᠨᠡᠪᠴᠢᠬᠦ ᠶᠢ ᠣᠯᠵᠤ ᠮᠡᠳᠡᠭᠡᠳ ᠠᠳᠠᠯ ᠠᠬᠤᠢ ᠶᠢᠨ ᠺᠣᠮᠫᠠᠨᠢ ᠳᠤ ᠬᠠᠷᠢᠭᠤ ᠲᠤᠰᠬᠠᠪᠠ᠃ | 603 ᠲᠠᠰᠤᠭ ᠤᠨ ᠥᠮᠴᠢᠲᠡᠨ ᠰᠠᠭᠤᠭ᠎ᠠ ᠦᠭᠡᠢ ᠪᠥᠭᠡᠳ ᠬᠡᠷᠡᠭ ᠭᠠᠷᠬᠤ ᠦᠶ᠎ᠡ ᠳᠤ ᠭᠡᠷ ᠲᠡᠭᠡᠨ | ᠪᠠᠶᠢᠭᠰᠠᠨ ᠦᠭᠡᠢ ᠠᠴᠠ ᠠᠳᠠᠯ ᠠᠬᠤᠢ ᠶᠢᠨ ᠺᠣᠮᠫᠠᠨᠢ 603 ᠲᠠᠰᠤᠭ ᠤᠨ ᠥᠮᠴᠢᠲᠡᠨ ᠤ ᠠᠳᠠᠯ ᠠᠬᠤᠢ ᠶᠢᠨ | ᠭᠠᠵᠠᠷ ᠤᠨ ᠪᠡᠯᠡᠳᠬᠡᠯ ᠲᠦᠯᠬᠢᠭᠦᠷ ᠢᠶᠠᠷ ᠳᠡᠮᠵᠢᠨ ᠡᠭᠦᠳᠡ ᠶᠢ ᠨᠡᠭᠡᠭᠡᠭᠰᠡᠨ ᠤ ᠳᠠᠷᠠᠭ᠎ᠠ᠂ 603 ᠲᠠᠰᠤᠭ ᠤᠨ | ᠭᠠᠵᠠᠷ ᠤᠨ ᠭᠠᠳᠠᠷᠭᠤ ᠳᠤ ᠨᠢᠭᠡᠨᠲᠡ ᠲᠠᠪᠤ ᠵᠢᠷᠭᠤᠭᠠᠨ ᠰᠠᠨᠲ᠋ᠢᠮᠧᠲᠷ ᠪᠤᠬᠢᠷ ᠤᠰᠤ ᠬᠤᠷᠠᠵᠤ᠂ ᠠᠷᠢᠭᠤᠨ ᠴᠡᠪᠡᠷ ᠤᠨ | ᠲᠠᠰᠤᠯᠭ᠎ᠠ ᠶᠢᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠠᠴᠠ ᠪᠣᠬᠢᠷ ᠤᠰᠤ ᠦᠷᠭᠦᠯᠵᠢᠯᠡᠨ ᠭᠠᠳᠠᠭᠰᠢ | ᠪᠤᠷᠭᠢᠯᠵᠤ ᠪᠠᠶᠢᠬᠤ ᠶᠢ ᠣᠯᠵᠤ ᠮᠠᠲᠠᠵᠠᠢ᠃ | ᠠᠳᠠᠯ ᠠᠬᠤᠢ ᠶᠢᠨ ᠺᠣᠮᠫᠠᠨᠢ ᠲᠡᠷᠡ ᠳᠠᠷᠤᠢ ᠳᠤᠨᠢ ᠬᠥᠮᠥᠰ ᠢ ᠵᠣᠬᠢᠶᠠᠨ ᠪᠠᠶᠢᠭᠤᠯᠤᠨ ᠴᠡᠪᠡᠷᠯᠡᠵᠡᠢ᠂ 503 | ᠲᠠᠰᠤᠭ ᠪᠣᠯᠣᠨ 603 ᠲᠠᠰᠤᠭ ᠤᠨ ᠬᠤᠭᠤᠷᠣᠨᠳᠣᠬᠢ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠨᠢ | ᠵᠤᠷᠯᠤᠩ ᠤᠨ ᠴᠠᠭᠠᠰᠤ ᠵᠡᠷᠭᠡ ᠳᠤ ᠪᠥᠭᠯᠡᠭᠳᠡᠭᠰᠡᠨ ᠠᠴᠠ ᠪᠤᠯᠤᠭᠰᠠᠨ ᠰᠢᠯᠳᠠᠭᠠᠨ ᠢ ᠮᠡᠳᠡᠵᠡᠢ᠃ ᠤᠷᠲᠤ | ᠬᠤᠭᠤᠴᠠᠭ᠎ᠠ ᠪᠠᠷ ᠳᠡᠪᠲᠦᠭᠡᠭᠰᠡᠨ ᠠᠴᠠ 503 ᠲᠠᠰᠤᠯᠭ᠎ᠠ ᠶᠢᠨ ᠳᠡᠭᠡᠪᠦᠷ᠂ ᠡᠯᠭᠦᠭᠦᠷ ᠬᠤᠷᠭᠤ᠂ 603 | ᠲᠠᠰᠤᠯᠭ᠎ᠠ ᠶᠢᠨ ᠬᠡᠷᠡᠮ᠂ ᠱᠠᠯᠠ᠂ ᠬᠤᠷᠭᠤ ᠵᠡᠷᠭᠡ ᠨᠢ ᠬᠤᠬᠢᠷᠠᠯ ᠳᠤ ᠤᠴᠠᠷᠠᠪᠠ᠃ ᠡᠳ᠋ ᠬᠥᠷᠥᠩᠭᠡ ᠶᠢᠨ | ᠬᠤᠬᠢᠷᠠᠯ ᠳᠤ ᠤᠴᠠᠷᠠᠭᠰᠠᠨ 503 ᠲᠠᠰᠤᠭ ᠪᠣᠯᠣᠨ 603 ᠲᠠᠰᠤᠭ ᠤᠨ ᠥᠮᠴᠢᠲᠡᠨ᠂ ᠳᠡᠭᠡᠷ᠎ᠡ ᠲᠠᠪᠬᠤᠷᠯᠢᠭ ᠤᠨ | ᠠᠷᠪᠠᠨ ᠡᠷᠦᠬᠡ ᠬᠥᠷᠰᠢ ᠵᠡᠷᠭᠡᠯᠡᠳᠡᠭᠡ᠂ ᠠᠳᠠᠯ ᠠᠬᠤᠢ ᠶᠢᠨ ᠺᠣᠮᠫᠠᠨᠢ᠂ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠨ ᠠᠰᠢᠭᠯᠠᠬᠤ ᠺᠣᠮᠫᠠᠨᠢ ᠶᠢ ᠵᠠᠭᠠᠯᠳᠤᠵᠤ᠂ ᠡᠳ᠋ ᠬᠥᠷᠥᠩᠭᠡ ᠶᠢᠨ ᠬᠤᠬᠢᠷᠠᠯ ᠢ ᠲᠥᠯᠥᠭᠦᠯᠬᠦ ᠪᠠᠷ ᠱᠠᠭᠠᠷᠳᠠᠵᠠᠢ᠃ | 503 ᠲᠠᠰᠤᠭ ᠤᠨ ᠥᠮᠴᠢᠲᠡᠨ ᠪᠠᠰᠠ 603 ᠲᠠᠰᠤᠭ ᠤᠨ ᠥᠮᠴᠢᠲᠡᠨ ᠢ ᠵᠠᠭᠠᠯᠳᠤᠭᠳᠠᠭᠴᠢ ᠳᠤ ᠣᠷᠣᠭᠤᠯᠪᠠ᠃ | | ᠰᠢᠭᠦᠬᠦ ᠬᠤᠷᠢᠶ᠎ᠠ᠂ ᠳᠡᠭᠡᠳᠦ ᠲᠠᠪᠬᠤᠷᠯᠢᠭ ᠤᠨ ᠰᠠᠭᠤᠭᠠᠯᠢ ᠡᠷᠦᠬᠡ ᠪᠠ ᠠᠳᠠᠯ ᠠᠬᠤᠢ ᠶᠢᠨ ᠺᠤᠮᠫᠠᠨᠢ | ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ ᠭᠡᠵᠦ ᠰᠢᠭᠦᠨ ᠲᠡᠰᠦᠯᠪᠡ | ᠲᠠᠪᠤᠳᠤᠭᠠᠷ ᠳᠠᠪᠬᠤᠷᠯᠢᠭ ᠪᠠ ᠵᠢᠷᠭᠤᠳᠤᠭᠠᠷ ᠳᠠᠪᠬᠤᠷᠯᠢᠭ ᠤᠨ ᠬᠤᠶᠠᠷ ᠰᠠᠭᠤᠭᠠᠯᠢ ᠡᠷᠦᠬᠡ ᠴᠥᠮ | ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠵᠤ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠭᠰᠠᠨ ᠪᠠᠶᠢᠨ᠎ᠠ᠂ | ᠵᠢᠷᠭᠤᠳᠤᠭᠠᠷ ᠳᠠᠪᠬᠤᠷᠯᠢᠭ ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠡᠷᠦᠬᠡ᠂ ᠠᠳᠠᠯ ᠠᠬᠤᠢ ᠶᠢᠨ ᠺᠣᠮᠫᠠᠨᠢ | ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠨᠢ ᠴᠥᠮ ᠰᠢᠭᠦᠬᠦ ᠬᠤᠷᠢᠶᠠᠨ ᠤ | ᠵᠠᠭᠠᠯᠳᠤᠯᠭ᠎ᠠ ᠳᠤ ᠵᠠᠭᠠᠯᠳᠤᠭᠳᠠᠭᠴᠢ ᠪᠠᠷ ᠵᠢᠭᠰᠠᠭᠠᠭᠳᠠᠵᠠᠢ᠂ ᠲᠡᠭᠡᠪᠡᠯ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠨᠢ | ᠴᠣᠬᠤᠮ ᠬᠡᠨ ᠪᠣᠯᠬᠤ ᠪᠣᠢ︖ | ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ ᠲᠡᠭᠡᠳᠦ ᠲᠠᠪᠬᠤᠷᠯᠢᠭ ᠤᠨ | ᠨᠢᠭᠡᠨᠲᠡ ᠣᠷᠣᠵᠤ ᠰᠠᠭᠤᠭ᠎ᠠ ᠥᠮᠴᠢᠲᠡᠨ ᠲᠠᠮᠵᠢᠭᠤᠯᠬᠤ ᠬᠤᠭᠤᠯᠠᠢ ᠶᠢ ᠵᠣᠬᠢᠰ ᠦᠭᠡᠢ ᠬᠡᠷᠡᠭᠯᠡᠭᠰᠡᠨ ᠠᠴᠠ ᠪᠣᠯᠵᠤ | ᠬᠡᠷᠡᠭ ᠲᠤ ᠬᠤᠯᠪᠣᠭᠳᠠᠭᠰᠠᠨ ᠬᠤᠬᠢᠷᠠᠯ ᠭᠠᠷᠴᠤ᠂ ᠬᠠᠮᠲᠤ ᠪᠠᠷ ᠡᠷᠬᠡ ᠳᠤ ᠬᠠᠯᠳᠠᠭᠰᠠᠨ ᠬᠠᠤᠯᠢ ᠴᠠᠭᠠᠵᠠ ᠶᠢᠨ | ᠬᠠᠷᠢᠴᠠᠭ᠎ᠠ ᠶᠢ ᠪᠦᠷᠢᠯᠳᠦᠭᠦᠯᠦᠭᠰᠡᠨ ᠪᠣᠯᠬᠤᠷ ᠬᠡᠷᠡᠭ ᠲᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ | ᠭᠡᠵᠡᠢ᠃ | ᠰᠢᠭᠦᠬᠦ ᠬᠤᠷᠢᠶ᠎ᠠ᠂ 503 ᠲᠠᠰᠤᠭ ᠤᠨ ᠥᠮᠴᠢᠲᠡᠨ ᠴᠠᠭ ᠲᠤᠬᠠᠢ ᠳᠤᠨᠢ ᠡ᠊ᠨᠳᠡᠯ ᠢ ᠢᠯᠡᠷᠡᠭᠦᠯᠵᠦ᠂ | ᠪᠦᠲᠦᠮᠵᠢᠲᠡᠶ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠰᠠᠨ ᠪᠤᠯᠬᠤᠷ ᠬᠠᠷᠢᠭᠤᠴᠠᠯᠭ᠎ᠠ ᠡᠭᠦᠷᠭᠡᠯᠡᠬᠦ ᠦᠭᠡᠢ᠃ 603 | ᠲᠠᠰᠤᠯᠭ᠎ᠠ ᠶᠢᠨ ᠥᠮᠴᠢᠲᠡᠨ ᠤᠷᠤᠵᠤ ᠰᠠᠭᠤᠭ᠎ᠠ ᠦᠭᠡᠢ᠂ ᠥᠪᠡᠷ ᠤᠨ ᠡᠳ᠋ ᠬᠥᠷᠥᠩᠭᠡ ᠪᠠᠨ ᠬᠠᠷᠠᠵᠤ ᠬᠠᠮᠢᠶᠠᠷᠬᠤ | ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠠᠴᠠ ᠪᠤᠰᠤᠳᠴᠢ ᠲᠠᠯ᠎ᠠ ᠪᠠᠷ ᠪᠣᠬᠢᠷ ᠤᠰᠤ ᠤᠷᠲᠦ ᠬᠤᠭᠤᠴᠠᠭ᠎ᠠ ᠪᠠᠷ | ᠣᠷᠭᠢᠯᠤᠨ ᠪᠤᠷᠭᠢᠯᠵᠤ ᠪᠠᠶᠢᠬᠤ ᠶᠢ ᠮᠡᠳᠡᠭᠰᠡᠨ ᠦᠭᠡᠢ ᠤᠴᠢᠷ ᠠᠴᠠ ᠬᠤᠬᠢᠷᠠᠯ ᠤᠨ ᠦᠷ᠎ᠡ ᠳ᠋ᠦᠩ ᠳᠤ ᠵᠣᠬᠢᠬᠤ | ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ ᠭᠡᠵᠦ ᠮᠠᠭᠠᠳᠯᠠᠨ ᠲᠣᠭᠲᠠᠭᠠᠪᠠ᠃ | ᠵᠧᠵᠢᠶᠠᠩ ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠯᠢᠶᠠᠩ ᠶᠦᠨ᠄ | ᠲᠠᠮᠵᠢᠭᠤᠯᠬᠤ ᠬᠤᠭᠤᠯᠠᠢ ᠶᠢᠨ ᠲᠦᠭᠵᠢᠷᠡᠯ ᠨᠢ᠂ ᠦᠨᠡᠨ ᠳᠡᠭᠡᠨ ᠨᠢᠭᠡ ᠬᠤᠶᠠᠷ ᠡᠳᠦᠷ ᠤᠨ ᠤᠴᠢᠷ ᠪᠢᠰᠢ᠂ ᠣᠷᠳᠣ | ᠬᠤᠭᠤᠴᠠᠭᠠᠨ ᠤ ᠬᠤᠷᠠᠮᠳᠤᠭᠤᠯᠤᠯ ᠤᠨ ᠶᠠᠪᠤᠴᠠ ᠪᠣᠯᠣᠨ᠎ᠠ᠂ ᠪᠢᠳᠡ ᠪᠠᠶᠢᠴᠠᠭᠠᠬᠤ ᠦᠶ᠎ᠡ ᠳᠤ᠂ ᠪᠣᠬᠢᠷ ᠤᠰᠤ | ᠨᠢᠭᠡᠨᠲᠡ ᠲᠠᠪᠤ ᠵᠢᠷᠭᠤᠭᠠᠨ ᠰᠠᠨᠲ᠋ᠢᠮᠧᠲᠷ ᠪᠣᠯᠵᠤ᠂ ᠪᠠᠷᠤᠭ ᠬᠡᠳᠦᠨ ᠡᠳᠦᠷ ᠪᠣᠯᠴᠢᠬᠠᠭᠰᠠᠨ ᠪᠠᠶᠢᠵᠤ ᠮᠡᠳᠡᠨ᠎ᠡ᠂ | ᠯᠠᠪᠲᠠᠢ ᠨᠢᠭᠡ ᠬᠤᠶᠠᠷ ᠡᠳᠦᠷ ᠤᠨ ᠤᠴᠢᠷ ᠪᠢᠰᠢ᠂ ᠨᠢᠭᠡᠨᠲᠡ ᠨᠢᠭᠡ ᠬᠡᠰᠡᠭ ᠬᠤᠭᠤᠴᠠᠭᠠᠨ ᠤ ᠠᠷᠢᠭᠤᠨ ᠴᠡᠪᠡᠷ ᠤᠨ | ᠲᠠᠰᠤᠯᠭ᠎ᠠ ᠶᠢᠨ ᠪᠤᠬᠢᠷ ᠤᠰᠤ ᠪᠤᠷᠬᠢᠯᠠᠬᠤ ᠶᠠᠪᠤᠴᠠ ᠶᠢ ᠥᠩᠭᠡᠷᠡᠭᠦᠯᠵᠡᠢ᠃ | ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠠᠳᠠᠯ ᠠᠬᠤᠢ ᠶᠢᠨ ᠺᠣᠮᠫᠠᠨᠢ ᠶᠢᠨ ᠬᠡᠷᠡᠭ | ᠭᠠᠷᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠢᠳᠡᠪᠬᠢᠲᠡᠢ ᠰᠢᠢᠳᠪᠦᠷᠢᠯᠡᠭᠰᠡᠨ | ᠦᠶᠯᠡ ᠠᠵᠢᠯᠯᠠᠭ᠎ᠠ ᠨᠢ ᠨᠤᠲᠠᠯᠠᠭᠤᠰᠢᠲᠠᠢ᠂ ᠭᠡᠪᠡᠴᠦ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ | ᠲᠣᠭᠲᠠᠭᠰᠠᠨ ᠬᠢᠨᠠᠨ ᠬᠠᠮᠢᠶᠠᠷᠬᠤ ᠡᠭᠦᠷᠭᠡ ᠪᠠᠨ ᠨᠢᠭᠡᠨᠲᠡ ᠭᠦᠢᠴᠡᠳᠬᠡᠭᠰᠡᠨ ᠪᠥᠭᠡᠳ ᠡᠳᠦᠷ ᠲᠤᠲᠤᠮ ᠤᠨ ᠪᠣᠬᠢᠷ | ᠤᠰᠤᠨ ᠤ ᠬᠤᠭᠤᠯᠠᠢ ᠶᠢ ᠪᠠᠶᠢᠴᠠᠭᠠᠨ ᠨᠠᠪᠲᠠᠷᠡᠭᠦᠯᠵᠦ ᠥᠩᠭᠡᠷᠡᠭᠰᠡᠨ ᠭᠡᠳᠡᠭ ᠭᠡᠷᠡᠴᠢ ᠦᠭᠡᠢ ᠪᠣᠯᠬᠤᠷ ᠪᠠᠰᠠ | ᠵᠣᠬᠢᠬᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠡᠢ᠃ | ᠰᠢᠭᠦᠬᠦ ᠬᠤᠷᠢᠶ᠎ᠠ᠂ ᠵᠠᠭᠠᠯᠳᠤᠭᠴᠢ ᠶᠢᠨ ᠳᠤᠷᠠᠳᠤᠭᠰᠠᠨ ᠭᠡᠷᠡᠴᠢ ᠪᠠᠷᠢᠮᠲᠠ ᠨᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠶᠢᠨ ᠤᠰᠤᠨ ᠬᠤᠭᠤᠯᠠᠢ ᠶᠢ ᠵᠢᠷᠤᠵᠤ ᠲᠥᠯᠥᠪᠯᠡᠬᠦ᠂ ᠪᠠᠷᠢᠯᠭ᠎ᠠ | ᠪᠠᠷᠢᠬᠤ ᠵᠡᠷᠭᠡ ᠶᠠᠪᠤᠴᠠ ᠳᠤ ᠣᠰᠣᠯ ᠪᠤᠷᠤᠭᠤ ᠲᠠᠢ ᠪᠠᠶᠢᠬᠤ ᠶᠢ ᠭᠦᠢᠴᠡᠳ ᠭᠡᠷᠡᠴᠢᠯᠡᠵᠦ ᠳᠡᠶᠢᠯᠬᠦ ᠦᠭᠡᠢ᠂ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠺᠣᠮᠫᠠᠨᠢ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ | ᠦᠭᠡᠢ᠃ ᠰᠢᠭᠦᠬᠦ ᠬᠤᠷᠢᠶ᠎ᠠ ᠡᠴᠦᠰ ᠲᠡᠭᠡᠨ 6 ᠳ᠋ᠤᠭᠠᠷ ᠲᠠᠪᠬᠤᠷᠯᠢᠭ ᠠᠴᠠ ᠳᠡᠭᠡᠭᠰᠢᠬᠢ ᠨᠢᠭᠡᠨᠲᠡ ᠰᠠᠭᠤᠭ᠎ᠠ | ᠥᠮᠴᠢᠲᠡᠨ᠂ 603 ᠲᠠᠰᠤᠭ ᠤᠨ ᠥᠮᠴᠢᠲᠡᠨ ᠵᠢᠴᠢ ᠠᠳᠠᠯ ᠠᠬᠤᠢ ᠶᠢᠨ ᠺᠣᠮᠫᠠᠨᠢ ᠬᠤᠬᠢᠷᠠᠯ ᠤᠨ ᠦᠷ᠎ᠡ | ᠳ᠋ᠦᠩ ᠳᠤ ᠲᠣᠰ ᠲᠣᠰ 40%᠂ 30%᠂ 30% ᠶᠢᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ | ᠰᠢᠭᠦᠨ ᠲᠠᠰᠤᠯᠪᠠ᠃ ᠲᠠᠰᠤᠯᠤᠯᠲᠠ ᠶᠢ ᠨᠡᠶᠢᠲᠡᠯᠡᠭᠰᠡᠨ ᠤ ᠳᠠᠷᠠᠭ᠎ᠠ᠂ ᠬᠡᠷᠡᠭ ᠤᠨ ᠲᠤᠬᠠᠢ ᠶᠢᠨ ᠬᠥᠮᠥᠨ ᠴᠥᠮ | ᠲᠠᠰᠤᠯᠤᠯᠲᠠ ᠶᠢ ᠮᠡᠳᠡᠷᠡᠵᠦ ᠵᠠᠭᠠᠯᠳᠤᠯᠭ᠎ᠠ ᠪᠠᠨ ᠵᠣᠭᠰᠣᠭᠠᠵᠤ᠂ ᠬᠤᠯᠪᠣᠭᠳᠠᠯ ᠪᠦᠬᠦᠢ ᠲᠤᠬᠠᠢ ᠶᠢᠨ ᠬᠥᠮᠥᠨ | ᠲᠥᠯᠥᠪᠦᠷᠢ ᠶᠢᠨ ᠡᠭᠦᠷᠭᠡ ᠪᠠᠨ ᠭᠦᠢᠴᠡᠳᠬᠡᠭᠰᠡᠨ ᠪᠠᠶᠢᠨ᠎ᠠ᠃ | ᠲᠡᠭᠡᠳᠦ ᠲᠠᠪᠬᠤᠷᠯᠢᠭ ᠤᠨ ᠥᠮᠴᠢᠲᠡᠨ ᠬᠠᠮᠲᠤ ᠪᠠᠷ ᠡᠷᠬᠡ ᠳᠤ ᠬᠠᠯᠳᠠᠭᠰᠠᠨ ᠠᠵᠢᠯᠯᠠᠭ᠎ᠠ ᠪᠣᠯᠵᠤ | ᠪᠦᠷᠢᠯᠳᠦᠪᠡᠯ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ | ᠲᠤᠰ ᠬᠡᠷᠡᠭ ᠲᠤ᠂ ᠤᠯᠠᠨ ᠨᠡᠶᠢᠲᠡ ᠶᠢᠨ ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠵᠤ ᠭᠡᠷ | ᠪᠠᠶᠢᠰᠢᠩ ᠬᠤᠬᠢᠷᠠᠯ ᠳᠤ ᠤᠴᠠᠷᠠᠭᠰᠠᠨ ᠪᠠᠶᠢᠨ᠎ᠠ᠂ ᠴᠣᠬᠤᠮ ᠵᠠᠭᠠᠯᠳᠤᠭᠴᠢ ᠪᠤᠶᠤ ᠵᠠᠭᠠᠯᠳᠤᠭᠳᠠᠭᠴᠢ ᠶᠢᠨ ᠬᠡᠨ ᠨᠢ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠪᠤᠢ︖ | ᠵᠧᠵᠢᠶᠠᠩ ᠮᠤᠵᠢ ᠶᠢᠨ ᠠᠨ ᠵᠢᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠯᠢᠶᠠᠩ ᠶᠦᠨ᠄ | ᠲᠡᠭᠡᠳᠦ ᠲᠠᠪᠬᠤᠷᠯᠢᠭ ᠤᠨ ᠦᠮᠴᠢᠳᠡᠨ ᠪᠣᠯ ᠲᠠᠮᠵᠢᠭᠤᠯᠬᠤ ᠬᠤᠭᠤᠯᠠᠢ ᠶᠢ ᠬᠡᠪ ᠤᠨ ᠪᠠᠶᠢᠳᠠᠯ ᠢᠶᠠᠷ ᠬᠡᠷᠡᠭᠯᠡᠵᠡᠢ᠂ | ᠵᠤᠷᠯᠤᠩ ᠤᠨ ᠴᠠᠭᠠᠰᠤ ᠵᠡᠷᠭᠡ ᠪᠤᠬᠢᠷ ᠡᠳ᠋ ᠢ ᠲᠤᠷ᠎ᠠ ᠪᠠᠷ ᠢᠶᠠᠨ ᠬᠠᠶᠠᠭᠰᠠᠨ ᠦᠭᠡᠢ᠃ 603 ᠪᠣᠯᠣᠨ 503 ᠶᠢᠨ | ᠥᠮᠴᠢᠲᠡᠨ ᠪᠢᠳᠡᠨ ᠢ ᠵᠠᠭᠠᠯᠳᠤᠬᠤ ᠨᠢ ᠵᠤᠬᠢᠰ ᠦᠭᠡᠢ᠂ ᠴᠣᠬᠤᠮ ᠠᠯᠢ ᠨᠢᠭᠡ ᠡᠷᠦᠬᠡ᠂ ᠠᠯᠢ ᠨᠢᠭᠡ ᠬᠥᠮᠥᠨ ᠤ | ᠬᠢᠭᠰᠡᠨ ᠠᠵᠢᠯᠯᠠᠭ᠎ᠠ ᠨᠢ ᠲᠦᠭᠵᠢᠷᠡᠯ ᠢ ᠪᠣᠢ ᠪᠣᠯᠭᠠᠭᠰᠠᠨ ᠢ ᠨᠤᠳᠠᠯᠠᠬᠤ ᠶᠢᠨ ᠠᠷᠭ᠎ᠠ ᠦᠭᠡᠢ ᠶᠤᠮ᠂ ᠵᠠᠭᠠᠯᠳᠤᠭᠴᠢ | ᠭᠡᠷᠡᠴᠢ ᠳᠤᠷᠠᠳᠬᠤ ᠡᠭᠦᠷᠭᠡ ᠪᠠᠨ ᠭᠦᠢᠴᠡᠳᠬᠡᠭᠰᠡᠨ ᠦᠭᠡᠢ ᠭᠡᠵᠦ ᠦᠵᠡᠵᠡᠢ᠃ | ᠰᠢᠭᠦᠭᠴᠢ ᠂ ᠪᠤᠬᠢᠷ ᠪᠤᠳᠠᠰ ᠲᠤᠷ᠎ᠠ ᠪᠠᠷ ᠢᠶᠠᠨ ᠬᠠᠶᠠᠬᠤ ᠡᠶᠢᠮᠦᠷᠬᠦ ᠬᠤᠬᠢᠷᠠᠯ ᠤᠨ ᠦᠢᠯᠡ ᠠᠵᠢᠯᠯᠠᠭ᠎ᠠ ᠨᠢ | ᠶᠡᠷᠦ ᠨᠢ ᠪᠤᠰᠤᠳ ᠤᠨ ᠬᠤᠪᠢ ᠶᠢᠨ ᠣᠷᠣᠨ ᠰᠠᠭᠤᠴᠠ ᠳᠤ ᠡᠭᠦᠰᠳᠡᠭ᠂ ᠤᠰᠤᠨ ᠬᠤᠭᠤᠯᠠᠢ ᠶᠢᠨ ᠲᠦᠭᠵᠢᠷᠡᠯ ᠨᠢ | ᠴᠣᠬᠤᠮ ᠠᠯᠢ ᠡᠷᠤᠭᠡ ᠶᠢᠨ ᠥᠮᠴᠢᠲᠡᠨ ᠤ ᠠᠵᠢᠯᠯᠠᠭ᠎ᠠ ᠠᠴᠠ ᠪᠤᠢ ᠪᠣᠯᠤᠭᠰᠠᠨ ᠭᠡᠳᠡᠭ ᠢ ᠡᠷᠬᠡᠲᠦ ᠬᠥᠮᠥᠨ | ᠮᠡᠳᠡᠬᠦ ᠶᠢᠨ ᠠᠷᠭ᠎ᠠ ᠦᠭᠡᠢ ᠶᠤᠮ᠃ ᠪᠣᠬᠢᠷ ᠤᠰᠤᠨ ᠤ ᠬᠤᠭᠤᠯᠠᠢ ᠪᠣᠯ ᠪᠠᠰᠠ ᠴᠤ ᠳᠠᠯᠳᠠ ᠪᠠᠶᠢᠭ᠎ᠠ ᠢᠨᠵᠧᠨᠧᠷᠢᠩ | ᠪᠣᠯᠬᠤᠷ ᠠᠵᠢᠭᠯᠠᠬᠤ ᠳᠤ ᠪᠡᠷᠬᠡᠲᠡᠢ ᠮᠥᠷᠲᠡᠭᠡᠨ ᠤᠰᠤᠨ ᠬᠤᠭᠤᠯᠠᠢ ᠶᠢᠨ ᠲᠦᠭᠵᠢᠷᠡᠯ ᠤᠨ ᠰᠢᠯᠲᠠᠭᠠᠨ ᠳᠤ ᠣᠯᠠᠨ | ᠵᠦᠢᠯ ᠤᠨ ᠪᠣᠯᠣᠯᠴᠠᠭᠠᠲᠤ ᠴᠢᠨᠠᠷ ᠣᠷᠣᠰᠢᠵᠤ᠂ ᠴᠠᠭ ᠬᠤᠭᠤᠴᠠᠭ᠎ᠠ ᠨᠢ ᠣᠷᠳᠣ ᠬᠤᠭᠤᠴᠠᠭᠠᠨ ᠤ ᠴᠢᠨᠠᠷᠲᠠᠢ | ᠪᠠᠶᠢᠵᠤ᠂ ᠭᠡᠷᠡᠴᠢ ᠳᠤᠷᠠᠳᠬᠤ ᠶᠢᠨ ᠬᠦᠴᠢᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠡᠢ᠃ ᠬᠡᠷᠪᠡ | ᠭᠡᠷᠡᠴᠢ ᠳᠤᠷᠠᠳᠬᠤ ᠬᠠᠷᠢᠭᠤᠴᠠᠯᠭ᠎ᠠ ᠶᠢ ᠮᠥᠨ ᠯᠡ ᠡᠷᠬᠡᠲᠦ ᠬᠥᠮᠥᠨ ᠳᠤ ᠠᠯᠪᠠ ᠪᠠᠷ ᠲᠤᠯᠭᠠᠵᠤ᠂ ᠬᠡᠲᠦᠷᠬᠡᠢ | ᠴᠢᠩᠭ᠎ᠠ ᠵᠢᠮᠡᠯᠡᠬᠦ ᠳᠤ ᠬᠦᠷᠪᠡᠯ᠂ ᠠᠳᠠᠯᠢ ᠲᠦᠷᠦᠯ ᠤᠨ ᠰᠠᠭᠤᠭᠠᠯᠢ ᠡᠷᠤᠭᠡ ᠶᠢᠨ ᠪᠤᠵᠠᠷ ᠤᠰᠤᠨ ᠤ ᠬᠤᠭᠤᠯᠠᠢ ᠶᠢ | ᠵᠦᠢ ᠵᠣᠬᠢᠰᠲᠠᠢ ᠬᠡᠷᠡᠭᠯᠡᠬᠦ᠂ ᠪᠤᠰᠤᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ | ᠪᠠᠭᠤᠷᠠᠭᠤᠯᠵᠤ᠂ ᠨᠡᠶᠢᠭᠡᠮ ᠤᠨ ᠰᠠᠶᠢᠨ ᠰᠠᠶᠢᠬᠠᠨ ᠦᠷᠳᠡᠭ ᠤᠨ ᠤᠳᠤᠷᠢᠳᠤᠮᠵᠢ ᠶᠢ ᠰᠠᠨᠠᠭᠠᠴᠢᠯᠠᠬᠤ ᠳᠤ ᠠᠰᠢᠭ | ᠦᠭᠡᠢ ᠪᠣᠯᠣᠨ᠎ᠠ ᠭᠡᠵᠡᠢ᠃ | ᠰᠢᠭᠦᠭᠴᠢ ᠂ ᠵᠠᠭᠠᠯᠳᠤᠭᠴᠢ ᠬᠡᠳᠦᠶᠢᠪᠡᠷ ᠡᠷᠬᠡ ᠳᠤ ᠬᠠᠯᠳᠠᠭᠰᠠᠨ ᠪᠣᠳᠠᠲᠠᠢ ᠦᠢᠯᠡ ᠠᠵᠢᠯᠯᠠᠭᠠᠲᠤ ᠬᠥᠮᠥᠨ ᠢ | ᠭᠡᠷᠡᠴᠢ ᠳᠤᠷᠠᠳᠴᠤ ᠭᠡᠷᠡᠴᠢᠯᠡᠵᠦ ᠴᠢᠳᠠᠭᠰᠠᠨ ᠦᠭᠡᠢ ᠪᠣᠯᠪᠠᠴᠤ ᠡᠷᠬᠡ ᠳᠤ ᠬᠠᠯᠳᠠᠭᠰᠠᠨ ᠭᠤᠤᠯ ᠴᠣᠭᠴᠠ ᠪᠣᠯ | ᠲᠡᠭᠡᠳᠦ ᠲᠠᠪᠬᠤᠷᠯᠢᠭ ᠤᠨ ᠥᠮᠴᠢᠲᠡᠨ ᠤ ᠬᠠᠮᠲᠤᠯᠢᠭ ᠪᠣᠯᠬᠤ ᠶᠢ ᠨᠢᠭᠡᠨᠲᠡ ᠭᠡᠷᠡᠴᠢᠯᠡᠵᠦ ᠴᠢᠳᠠᠭᠰᠠᠨ ᠪᠠᠶᠢᠨ᠎ᠠ᠃ | ᠢᠷᠭᠡᠨ ᠤ ᠬᠠᠤᠯᠢ ᠶᠢᠨ ᠪᠢᠴᠢᠭ ᠤᠨ 1168 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ | ᠬᠤᠶᠠᠷ ᠠᠴᠠ ᠳᠡᠭᠡᠭᠰᠢ ᠬᠥᠮᠥᠨ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠬᠠᠮᠲᠤ ᠪᠠᠷ ᠬᠢᠵᠦ᠂ ᠪᠤᠰᠤᠳ ᠲᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︾᠂ ᠲᠡᠭᠡᠳᠦ | ᠲᠠᠪᠬᠤᠷᠯᠢᠭ ᠤᠨ ᠥᠮᠴᠢᠲᠡᠨ ᠤ ᠬᠤᠭᠤᠷᠣᠨᠳᠤ ᠬᠠᠮᠲᠤ ᠪᠠᠷ ᠡᠷᠬᠡ ᠳᠤ ᠬᠠᠯᠳᠠᠭᠰᠠᠨ ᠬᠠᠤᠯᠢ ᠴᠠᠭᠠᠵᠠ ᠶᠢᠨ | ᠬᠠᠷᠢᠴᠠᠭ᠎ᠠ ᠪᠦᠷᠢᠯᠳᠦᠭᠰᠡᠨ ᠪᠣᠯᠬᠤᠷ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠭᠡᠬᠦ ᠳᠡᠭᠡᠨ ᠡᠨᠡ | ᠬᠦ ᠬᠠᠮᠲᠤᠯᠢᠭ ᠲᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠣᠷᠣᠰᠢᠵᠤ ᠪᠠᠶᠢᠬᠤ ᠡᠰᠡᠬᠦ ᠶᠢ ︽ᠬᠡᠨ ᠵᠣᠷᠢᠪᠠᠯ | ᠬᠡᠨ ᠭᠡᠷᠡᠴᠢ ᠳᠤᠷᠠᠳᠬᠤ ᠬᠡᠷᠡᠭᠳᠡᠢ︾ ᠭᠡᠵᠡᠢ᠃ | ᠥᠮᠴᠢᠲᠡᠨ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠪᠠᠶᠢᠰᠢᠩ ᠢ ᠪᠠᠶᠢᠴᠠᠭᠠᠬᠤ ᠬᠠᠮᠢᠶᠠᠷᠤᠯᠲᠠ ᠶᠢ | ᠤᠮᠳᠠᠭᠠᠶᠢᠯᠠᠵᠤ ᠪᠤᠯᠬᠤ ᠦᠭᠡᠢ | ᠲᠤᠰ ᠬᠡᠷᠡᠭ ᠲᠤ᠂ ᠵᠠᠭᠠᠯᠳᠤᠭᠳᠠᠭᠴᠢ ᠶᠢᠨ ᠳᠣᠲᠣᠷᠠᠬᠢ ᠭᠤᠷᠪᠠᠨ ᠡᠷᠦᠬᠡ ᠶᠢᠨ ᠥᠮᠴᠢᠲᠡᠨ ᠨᠢ ᠬᠡᠷᠡᠭ | ᠭᠠᠷᠬᠤ ᠠᠴᠠ ᠡᠮᠦᠨ᠎ᠡ ᠭᠡᠷ ᠪᠠᠶᠢᠰᠢᠩ ᠳᠤ ᠰᠠᠭᠤᠭ᠎ᠠ ᠦᠭᠡᠢ ᠭᠡᠳᠡᠭ ᠢᠶᠠᠨ ᠭᠡᠷᠡᠴᠢᠯᠡᠭᠰᠡᠨ ᠪᠣᠯᠬᠤᠷ | ᠲᠥᠯᠥᠪᠦᠷᠢ ᠠᠴᠠ ᠬᠡᠯᠲᠦᠷᠢᠭᠦᠯᠦᠨ᠎ᠡ᠃ ᠪᠤᠰᠤᠳ ᠨᠢᠭᠡᠨᠲᠡ ᠣᠷᠣᠵᠤ ᠰᠠᠭᠤᠭᠰᠠᠨ ᠲᠡᠭᠡᠳᠦ ᠲᠠᠪᠬᠤᠷᠯᠢᠭ ᠤᠨ | ᠥᠮᠴᠢᠲᠡᠨ ᠬᠤᠬᠢᠷᠠᠯ ᠤᠨ ᠦᠢᠯᠡ ᠠᠵᠢᠯᠯᠠᠭ᠎ᠠ ᠬᠢᠭᠰᠡᠨ ᠦᠭᠡᠢ ᠭᠡᠳᠡᠭ ᠢᠶᠠᠨ ᠭᠡᠷᠡᠴᠢ ᠳᠤᠷᠠᠳᠴᠤ ᠭᠡᠷᠡᠴᠢᠯᠡᠭᠰᠡᠨ | ᠦᠭᠡᠢ ᠪᠣᠯᠬᠤᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠰᠢᠭᠦᠨ ᠲᠠᠰᠤᠯᠵᠠᠢ᠃ | ᠰᠢᠭᠦᠭᠴᠢ ᠶᠢᠨ ᠰᠠᠨᠠᠭᠤᠯᠤᠮᠵᠢ᠄ ᠲᠣᠭᠤᠭᠠᠨ ᠭᠡᠷ ᠪᠣᠯᠣᠨ ᠠᠷᠢᠭᠤᠨ ᠴᠡᠪᠡᠷ ᠤᠨ ᠲᠠᠰᠤᠯᠭ᠎ᠠ ᠪᠣᠯ ᠡᠳᠦᠷ | ᠲᠤᠲᠤᠮ ᠤᠨ ᠠᠮᠢᠳᠤᠷᠠᠯ ᠤᠨ ᠠᠰᠢᠭᠯᠠᠯᠲᠠ ᠶᠢᠨ ᠨᠣᠷᠮ᠎ᠠ ᠪᠠᠷ ᠨᠡᠯᠢᠶᠡᠳ ᠥᠨᠳᠥᠷ ᠣᠷᠣᠨ ᠪᠦᠰᠡ ᠮᠥᠨ᠂ ᠪᠠᠰᠠ | ᠴᠤ ᠠᠮᠢᠳᠤᠷᠠᠯ ᠳᠤ ᠤᠰᠤ ᠬᠡᠷᠡᠭᠯᠡᠬᠦ ᠭᠤᠣᠯ ᠣᠷᠣᠨ ᠵᠠᠢ ᠮᠥᠨ᠂ ᠤᠰᠤ ᠭᠠᠳᠠᠭᠰᠢᠯᠠᠭᠤᠯᠬᠤ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠰᠠᠭᠤᠭᠠᠯᠢ ᠠᠷᠠᠳ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ | ᠪᠣᠯᠵᠤ᠂ ᠤᠰᠤ ᠭᠠᠳᠠᠭᠰᠢᠯᠠᠭᠤᠯᠬᠤ ᠬᠤᠭᠤᠯᠠᠢ ᠶᠢ ᠵᠥᠪ ᠬᠡᠷᠡᠭᠯᠡᠬᠦ ᠬᠡᠷᠡᠭᠲᠡᠢ᠃ ᠠᠰᠠᠷ ᠤᠨ ᠤᠯᠠᠨ ᠨᠡᠶᠢᠲᠡ ᠶᠢᠨ | ᠳᠠᠮᠵᠢᠭᠤᠯᠬᠤ ᠬᠤᠭᠤᠯᠠᠢ ᠪᠥᠭᠯᠡᠷᠡᠭᠰᠡᠨ ᠠᠴᠠ ᠪᠣᠯᠤᠭᠰᠠᠨ ᠵᠢᠭᠤᠷᠠᠯᠳᠤᠭᠠᠨ ᠲᠤ᠂ ᠠᠳᠠᠯ ᠠᠬᠤᠢ ᠨᠢ ᠤᠷᠤᠨ | ᠰᠠᠭᠤᠴᠠ ᠶᠢᠨ ᠲᠣᠭᠤᠷᠢᠭ ᠤᠨ ᠳᠠᠮᠵᠢᠭᠤᠯᠬᠤ ᠬᠤᠭᠤᠯᠠᠢ ᠶᠢᠨ ᠤᠯᠠᠨ ᠨᠡᠶᠢᠲᠡ ᠶᠢᠨ ᠪᠡᠯᠡᠳᠬᠡᠮᠵᠢ ᠶᠢ ᠬᠠᠮᠠᠭᠠᠯᠠᠬᠤ | ᠡᠭᠦᠷᠭᠡ ᠶᠢ ᠡᠭᠦᠷᠭᠡᠯᠡᠬᠦ ᠴᠢᠬᠤᠯᠠ ᠲᠠᠢ ᠠᠴᠠ ᠭᠠᠳᠠᠨ᠎ᠠ᠂ ᠥᠮᠴᠢᠲᠡᠨ ᠨᠢ ᠬᠤᠪᠢ ᠬᠥᠮᠥᠨ ᠤ ᠭᠡᠷ ᠪᠠᠶᠢᠰᠢᠩ ᠤᠨ | ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠤᠪᠢ ᠬᠥᠮᠥᠨ ᠤ | ᠬᠠᠮᠢᠶᠠᠷᠤᠯᠲᠠ ᠪᠠᠨ ᠣᠮᠲᠣᠭᠠᠶᠢᠯᠠᠭᠰᠠᠨ ᠠᠴᠠ ᠪᠤᠯᠤᠭᠰᠠᠨ ᠴᠢᠬᠤᠯᠠ ᠪᠤᠰᠤ ᠬᠤᠬᠢᠷᠠᠯ ᠭᠠᠷᠬᠤ ᠠᠴᠠ ᠵᠠᠶᠢᠯᠠᠰᠬᠢᠬᠦ | ᠬᠡᠷᠡᠭᠲᠡᠢ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ |