ᠤᠰᠤ ᠠᠷᠪᠢᠯᠠᠵᠤ ᠬᠡᠷᠡᠭᠯᠡᠬᠦ ᠠᠵᠢᠯ ᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠬᠤᠲᠠ ᠶᠢᠨ ᠤᠰᠤ ᠠᠷᠪᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠷᠠᠳ ᠣᠯᠠᠨ ᠤ | ᠤᠰᠤ ᠠᠷᠪᠢᠯᠠᠬᠤ ᠠᠵᠢᠯ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠩᠭᠠᠳᠬᠠᠬᠤ ᠶᠢᠨ | ᠲᠥᠯᠥᠭᠡ᠂ ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | 2025 ᠣᠨ ᠤ ᠪᠥᠬᠦ ᠤᠯᠤᠰ ᠤᠨ ᠬᠤᠲᠠ ᠶᠢᠨ ᠤᠰᠤ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠨᠡᠶᠢᠲᠡᠯᠡᠪᠡ᠃ | ᠮᠡᠳᠡᠭᠳᠡᠯ ᠨᠢ ᠳᠣᠣᠷᠠᠬᠢ ᠮᠡᠲᠦ᠄ | ᠨᠢᠭᠡ᠂ ᠴᠠᠭ ᠬᠤᠭᠤᠴᠠᠭ᠎ᠠ ᠪᠠ ᠭᠤᠣᠯ ᠰᠡᠳᠦᠪ | 2025 ᠣᠨ ᠤ ᠪᠥᠬᠦ ᠤᠯᠤᠰ ᠤᠨ ᠬᠤᠲᠠ ᠶᠢᠨ ᠤᠰᠤ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ | ᠭᠠᠷᠠᠭ ᠤᠨ ᠠᠵᠢᠯᠯᠠᠭ᠎ᠠ ᠨᠢ ︽ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ | ᠤᠰᠤ ᠠᠷᠪᠢᠯᠠᠬᠤ ᠶᠢ ᠬᠠᠮᠵᠢᠯᠴᠠᠨ ᠠᠬᠢᠭᠤᠯᠤᠶ᠎ᠠ︾ ᠪᠠᠷ ᠭᠤᠤᠯ ᠰᠡᠳᠦᠪ ᠪᠤᠯᠭᠠᠵᠦ᠂ 5 ᠳ᠋ᠤᠭᠠᠷ ᠰᠠᠷ᠎ᠠ ᠶᠢᠨ 11 ᠤ | ᠡᠳᠦᠷ ᠠᠴᠠ 17 ᠤ ᠡᠳᠦᠷ ᠪᠣᠯᠲᠠᠯ᠎ᠠ ᠶᠠᠪᠤᠭᠳᠠᠨ᠎ᠠ᠃ | ᠬᠤᠶᠠᠷ᠂ ᠤᠬᠠᠭᠤᠯᠭ᠎ᠠ ᠶᠢᠨ ᠭᠤᠣᠯᠳᠠᠯᠭ᠎ᠠ | ᠡᠯ᠎ᠡ ᠭᠠᠵᠠᠷ ᠤᠨ ᠬᠢᠨ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠶᠢᠮᠢᠶᠠᠨ | ᠬᠤᠳᠠ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ | ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠵᠡᠷᠭᠡ ᠬᠤᠳᠠ ᠶᠢᠨ ᠰᠠᠭᠤᠷᠢ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠠᠵᠢᠯ ᠤᠨ ᠳᠤᠮᠳᠠ᠂ ᠬᠤᠳᠠ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠬᠢᠷ | ᠤᠰᠤ ᠶᠢ ᠲᠠᠬᠢᠨ ᠠᠰᠢᠭᠯᠠᠬᠤ ᠵᠢᠴᠢ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠲᠠᠯ᠎ᠠ ᠶᠢᠨ | ᠲᠤᠷᠰᠢᠯᠭ᠎ᠠ ᠠᠷᠭ᠎ᠠ ᠬᠢᠳᠡᠯ ᠪᠣᠯᠣᠨ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠤᠬᠠᠭᠤᠯᠵᠤ᠂ ᠤᠰᠤ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ | ᠠᠮᠢᠳᠤᠷᠠᠯ ᠤᠨ ᠤᠰᠤ ᠠᠷᠪᠢᠯᠠᠬᠤ ᠠᠷᠭ᠎ᠠ ᠳᠡᠮ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠵᠡᠷᠭᠡ | ᠤᠰᠤ ᠠᠷᠪᠢᠯᠠᠬᠤ ᠮᠡᠳᠡᠯᠭᠡ ᠶᠢ ᠳᠡᠯᠭᠡᠷᠡᠭᠦᠯᠦᠨ ᠤᠬᠠᠭᠤᠯᠤᠨ᠎ᠠ᠂ ᠵᠢᠱᠢᠶᠡᠯᠡᠪᠡᠯ ᠤᠰᠤ ᠠᠷᠪᠢᠯᠠᠬᠤ ᠪᠠᠭᠠᠵᠢ | ᠬᠡᠷᠡᠭᠰᠡᠯ ᠢ ᠬᠡᠷᠡᠭᠯᠡᠬᠦ᠂ ᠡᠷᠭᠢᠯᠳᠦᠭᠦᠯᠦᠨ ᠠᠰᠢᠭᠯᠠᠬᠤ ᠠᠷᠭ᠎ᠠ᠂ ᠭᠤᠭᠤᠵᠢᠵᠤ ᠬᠤᠬᠢᠷᠠᠭᠰᠠᠨ ᠢ ᠥᠪᠡᠷ ᠢᠶᠠᠨ | ᠪᠠᠶᠢᠴᠠᠭᠠᠬᠤ ᠤᠷ᠎ᠠ ᠮᠡᠷᠭᠡᠵᠢᠯ ᠵᠡᠷᠭᠡ ᠶᠢ ᠳᠡᠯᠭᠡᠷᠡᠭᠦᠯᠦᠨ ᠤᠬᠠᠭᠤᠯᠵᠤ᠂ ᠣᠯᠠᠨ ᠨᠡᠶᠢᠲᠡ ᠶᠢ ᠬᠥᠲᠥᠯᠥᠨ | ᠵᠢᠯᠤᠭᠤᠳᠴᠤ ᠵᠢᠵᠢᠭ ᠰᠠᠵᠢᠭ ᠵᠦᠢᠯ ᠠᠴᠠ ᠡᠬᠢᠯᠡᠨ᠂ ᠤᠰᠤ ᠠᠷᠪᠢᠯᠠᠬᠤ ᠰᠠᠶᠢᠨ ᠰᠠᠶᠢᠬᠠᠨ ᠳᠠᠳᠬᠠᠯ ᠲᠠᠢ | ᠪᠣᠯᠭᠠᠨ᠎ᠠ᠃ | ᠭᠤᠷᠪᠠ᠂ ᠤᠬᠠᠭᠤᠯᠭ᠎ᠠ ᠶᠢᠨ ᠬᠡᠯᠪᠡᠷᠢ | ᠡᠯ᠎ᠡ ᠭᠠᠵᠠᠷ ᠤᠨ ᠬᠢᠨ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠬᠢᠨᠠᠮᠠᠭᠠᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠬᠡᠯᠪᠡᠷᠢ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠨᠡᠶᠢᠭᠡᠮ ᠤᠨ | ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ ᠠᠭᠤᠷ ᠠᠮᠢᠰᠬᠤᠯ ᠢ ᠪᠤᠢ ᠪᠤᠯᠭᠠᠨ᠎ᠠ᠃ | ᠤᠰᠤ ᠠᠷᠪᠢᠯᠠᠬᠤ ᠤᠬᠠᠭᠤᠯᠭ᠎ᠠ ᠶᠢᠨ ︽ᠳᠥᠷᠪᠡ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠤᠰᠤ | ᠠᠷᠪᠢᠯᠠᠬᠤ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ | ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠤᠰᠤ | ᠠᠷᠪᠢᠯᠠᠬᠤ ᠮᠡᠳᠡᠯᠭᠡ ᠶᠢᠨ ᠤᠷᠤᠯᠳᠤᠭᠠᠨ᠂ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ᠂ ᠤᠰᠤ ᠠᠷᠪᠢᠯᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠨᠡᠶᠢᠲᠡ ᠶᠢᠨ | ᠢᠳᠡᠪᠬᠢᠲᠡᠢ ᠪᠠᠷ ᠣᠷᠣᠯᠴᠠᠬᠤ ᠶᠢ ᠵᠤᠷᠢᠭᠵᠢᠭᠤᠯᠤᠨ᠎ᠠ᠃ ︽ᠤᠰᠤ ᠠᠷᠪᠢᠯᠠᠬᠤ +︾ ᠰᠢᠨ᠎ᠡ ᠶᠢ ᠡᠭᠦᠳᠬᠦ | ᠠᠵᠢᠯᠯᠠᠭ᠎ᠠ ᠶᠢ ᠬᠠᠶᠢᠨ ᠰᠦᠪᠡᠭᠴᠢᠯᠡᠵᠦ᠂ ︽ᠤᠰᠤ ᠠᠷᠪᠢᠯᠠᠬᠤ + ᠰᠣᠶᠣᠯ︾᠂ ︽ᠤᠰᠤ ᠠᠷᠪᠢᠯᠠᠬᠤ + | ᠤᠷᠠᠯᠢᠭ︾᠂ ︽ᠤᠰᠤ ᠠᠷᠪᠢᠯᠠᠬᠤ + ᠦᠢᠯᠡᠳᠬᠦᠨ︾ ᠵᠡᠷᠭᠡ ᠰᠢᠨ᠎ᠡ ᠶᠢ ᠡᠭᠦᠳᠬᠦ ᠠᠵᠢᠯᠯᠠᠭ᠎ᠠ ᠪᠠᠷ ᠳᠠᠮᠵᠢᠭᠤᠯᠤᠨ | ᠂ ᠤᠰᠤ ᠠᠷᠪᠢᠯᠠᠬᠤ ᠣᠨᠣᠯᠵᠢᠬᠤᠨ ᠢ ᠤᠳᠬ᠎ᠠ ᠤᠷᠠᠯᠢᠭ ᠤᠨ ᠪᠦᠲᠦᠭᠡᠯ᠂ ᠰᠣᠶᠣᠯ ᠤᠨ ᠡᠭᠦᠳᠦᠯᠲᠡ ᠶᠢᠨ | ᠦᠢᠯᠡᠳᠬᠦᠨ ᠳᠤ ᠠᠭᠤᠰᠬᠠᠵᠤ᠂ ᠤᠬᠠᠭᠤᠯᠭ᠎ᠠ ᠶᠢᠨ ᠨᠡᠪᠴᠢᠯᠲᠡ ᠶᠢᠨ ᠬᠦᠴᠦᠨ ᠪᠠ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢ ᠰᠠᠶᠢᠲᠤᠷ | ᠬᠡᠷᠡᠭᠯᠡᠨ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠵᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ | ᠂ ᠲᠧᠯᠸᠢᠰ᠂ ᠸᠢᠳᠢᠤ᠋᠂ ᠤᠯᠠᠨ ᠨᠡᠶᠢᠲᠡ ᠶᠢᠨ ᠳ᠋ᠤᠭᠠᠷ᠂ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ | ᠵᠠᠭᠤᠴᠢᠯᠠᠭᠤᠷ ᠢ ᠠᠰᠢᠭᠯᠠᠨ᠂ ᠤᠰᠤ ᠠᠷᠪᠢᠯᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠮᠵᠢᠯᠠᠨ | ᠳᠠᠮᠵᠢᠭᠤᠯᠬᠤ ᠨᠥᠯᠥᠭᠡᠯᠡᠬᠦ ᠬᠦᠴᠦᠨ ᠢ ᠥᠷᠭᠡᠳᠬᠡᠨ᠂ ᠪᠦᠬᠦ ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠢ | ᠨᠡᠮᠡᠭᠳᠡᠭᠦᠯᠦᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ᠎ᠠ | ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ | ᠬᠤᠲᠠ ᠶᠢᠨ ᠤᠰᠤ ᠠᠷᠪᠢᠯᠠᠵᠤ ᠬᠡᠷᠡᠭᠯᠡᠬᠦ︶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ | ᠣᠷᠣᠨ ᠤ ᠡᠯ᠎ᠡ ᠬᠤᠲᠠ ᠶᠢ ᠵᠢᠯᠤᠭᠤᠳᠴᠤ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠡᠯ᠎ᠡ | ᠲᠥᠷᠥᠯ ᠤᠨ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ | ᠬᠠᠮᠲᠤ ᠤᠰᠤ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠢᠶᠠᠷ ᠲᠣᠬᠢᠶᠠᠯ ᠪᠣᠯᠭᠠᠨ᠂ ᠬᠤᠲᠠ ᠶᠢᠨ ᠤᠰᠤ | ᠠᠷᠪᠢᠯᠠᠭᠰᠠᠨ ᠨᠡᠶᠢᠲᠡᠯᠢᠭ ᠲᠤᠷᠰᠢᠯᠭ᠎ᠠ ᠪᠠ ᠬᠡᠷᠡᠭ ᠤᠨ ᠵᠢᠱᠢᠶ᠎ᠡ ᠶᠢ ᠳ᠋ᠦᠩᠨᠡᠵᠦ᠂ 4 ᠳ᠋ᠤᠭᠡᠷ ᠰᠠᠷ᠎ᠠ ᠶᠢᠨ 30 ᠤ | ᠡᠳᠦᠷ ᠠᠴᠠ ᠡᠮᠦᠨ᠎ᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠳᠤ ᠮᠡᠳᠡᠭᠦᠯᠦᠨ᠎ᠡ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠰᠢᠯᠢᠳᠡᠭ ᠢ ᠨᠢ ᠰᠣᠩᠭᠤᠵᠤ ᠤᠬᠠᠭᠤᠯᠤᠨ | ᠳᠡᠯᠭᠡᠷᠡᠭᠦᠯᠦᠨ᠎ᠡ᠃ | ᠬᠠᠷᠢᠯᠴᠠᠬᠤ ᠬᠥᠮᠥᠨ᠄ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠴᠧᠩ ᠼᠠᠢ ᠰᠢᠶᠠ | ᠰᠢᠦᠢ ᠬᠤᠶ ᠸᠧᠢ | ᠬᠠᠷᠢᠯᠴᠠᠬᠤ ᠬᠡᠯᠪᠡᠷᠢ᠄ 010 — 58934352 58934465 ︵ᠹᠠᠺᠰ︶ | ᠳᠠᠭᠠᠯᠳᠤᠭᠤᠯᠤᠯ᠄ 2025 ᠣᠨ ᠤ ᠪᠥᠬᠦ ᠤᠯᠤᠰ ᠤᠨ ᠬᠤᠲᠠ ᠶᠢᠨ ᠤᠰᠤ ᠠᠷᠪᠢᠯᠠᠵᠤ ᠬᠡᠷᠡᠭᠯᠡᠬᠦ | ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠤᠷᠢᠶ᠎ᠠ ︵ᠯᠠᠪᠯᠠᠯᠲᠠ︶ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |