ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ | ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠢ ᠨᠡᠶᠢᠲᠡᠯᠡᠵᠦ᠂ ᠡᠨᠡ ᠵᠢᠯ ᠤᠨ 5 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠶ᠃ ᠰᠢᠨ᠎ᠡ ᠵᠢᠷᠤᠮᠵᠢᠯ ᠨᠢ ᠣᠷᠣᠨ ᠰᠠᠭᠤᠴᠠ ᠶᠢᠨ ᠲᠦᠷᠦᠯ | ᠵᠦᠢᠯ ᠤᠨ ᠬᠡᠪᠴᠢᠶ᠎ᠡ᠂ ᠪᠠᠶᠢᠷᠢᠰᠢᠯ᠂ ᠴᠢᠳᠠᠮᠵᠢ᠂ ᠴᠢᠳᠠᠪᠬᠢ ᠪᠠ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ | ᠵᠡᠷᠭᠡ ᠲᠠᠯ᠎ᠠ ᠪᠠᠷ ᠠᠯᠢ ᠤᠯᠠᠨ ᠲᠣᠭᠲᠠᠭᠠᠯ ᠭᠠᠷᠭᠠᠭᠰᠠᠨ ᠨᠢ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ | ᠦᠭᠡᠢ᠂ ᠤᠶᠤᠨᠴᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ | ᠠᠰᠢᠭᠲᠠᠢ᠂ ᠠᠷᠠᠳ ᠤᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠲᠤᠬᠠᠢ ᠰᠢᠨ᠎ᠡ ᠬᠦᠰᠡᠯ ᠡᠷᠡᠮᠡᠯᠵᠡᠯ ᠳᠤ | ᠨᠡᠶᠢᠴᠡᠭᠦᠯᠦᠭᠰᠡᠨ ᠪᠠᠶᠢᠨ᠎ᠠ᠃ | ᠪᠠᠷᠢᠯᠭ᠎ᠠ ᠶᠢᠨ ᠣᠷᠣᠨ ᠵᠠᠢ ᠶᠢ ᠰᠢᠯᠢᠳᠡᠭᠵᠢᠭᠦᠯᠪᠡ᠃ ᠨᠢᠭᠡ ᠳᠤ᠂ ᠠᠯᠪᠠᠳᠠᠯᠭ᠎ᠠ ᠪᠠᠷ ᠲᠠᠪᠬᠤᠷᠯᠢᠭ ᠤᠨ | ᠥᠨᠳᠥᠷ ᠪᠠᠷᠢᠮᠵᠢᠶ᠎ᠠ ᠶᠢ ᠲᠤᠭᠳᠠᠭᠠᠵᠠᠢ᠃ ᠤᠤᠯ ᠤᠨ ᠵᠢᠷᠤᠮᠵᠢᠯ ᠳᠤ ᠲᠠᠪᠬᠤᠷᠯᠢᠭ ᠤᠨ ᠥᠨᠳᠥᠷ ᠨᠢ 2.8 ᠮᠧᠲᠷ | ᠪᠠᠶᠢᠪᠠᠯ ᠵᠣᠬᠢᠨ᠎ᠠ᠂ ᠬᠠᠷᠢᠨ ᠰᠢᠨ᠎ᠡ ᠵᠢᠷᠤᠮᠵᠢᠯ ᠳᠤ ᠲᠠᠪᠬᠤᠷᠯᠢᠭ ᠤᠨ ᠥᠨᠳᠥᠷ ᠢ 3.0 ᠮᠧᠲᠷ ᠠᠴᠠ ᠳᠣᠣᠷ᠎ᠠ | ᠪᠠᠶᠢᠯᠭᠠᠵᠦ ᠪᠣᠯᠬᠤ ᠦᠭᠡᠢ ᠭᠡᠵᠤ ᠲᠤᠭᠳᠠᠭᠠᠵᠠᠢ᠃ ᠬᠤᠶᠠᠷ ᠲᠤ᠂ ᠴᠡᠪᠡᠷ ᠦᠨᠳᠦᠷᠴᠡ ᠶᠢᠨ ᠱᠠᠭᠠᠷᠳᠠᠯᠭ᠎ᠠ ᠶᠢ | ᠲᠡᠭᠡᠭᠰᠢᠯᠡᠭᠦᠯᠪᠡ᠃ ᠰᠢᠨ᠎ᠡ ᠵᠢᠷᠤᠮᠵᠢᠯ ᠳᠤ ᠲᠣᠭᠲᠠᠭᠠᠭᠰᠠᠨ ᠤᠨᠲᠠᠯᠭ᠎ᠠ ᠥᠷᠥᠭᠡᠨ ᠤ ᠴᠡᠪᠡᠷ ᠥᠨᠳᠥᠷ ᠨᠢ 2.6 | ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠪᠥᠭᠡᠳ ᠬᠡᠰᠡᠭ ᠭᠠᠵᠠᠷ ᠤᠨ ᠴᠡᠪᠡᠷ ᠦᠨᠳᠦᠷᠴᠡ 2.2 | ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠨᠡ ᠬᠤᠶᠠᠷ ᠵᠦᠢᠯ ᠤᠨ ᠭᠦᠢᠴᠡᠳᠬᠡᠯ ᠲᠤᠭ᠎ᠠ ᠨᠢ ᠤᠤᠯ ᠤᠨ | ᠵᠢᠷᠤᠮᠵᠢᠯ ᠠᠴᠠ ᠲᠣᠰ ᠲᠣᠰ 0.2 ᠮᠧᠲᠷ ᠪᠠ 0.1 ᠮᠧᠲᠷ ᠳᠡᠭᠡᠭᠰᠢᠯᠡᠵᠡᠢ᠃ ᠭᠤᠷᠪᠠ ᠳᠤ᠂ ᠡᠭᠦᠳᠡᠨ ᠤ | ᠥᠷᠭᠡᠨ ᠤ ᠪᠠᠷᠢᠮᠵᠢᠶ᠎ᠠ ᠶᠢ ᠨᠠᠷᠢᠯᠢᠭᠵᠢᠭᠤᠯᠪᠠ᠃ ᠵᠢᠱᠢᠶᠡᠯᠡᠪᠡᠯ᠂ ᠰᠢᠨ᠎ᠡ ᠵᠢᠷᠤᠮᠵᠢᠯ ᠳᠤ᠂ ᠣᠯᠠᠨ ᠨᠡᠶᠢᠲᠡ ᠶᠢᠨ | ᠭᠠᠳᠠᠷ ᠡᠭᠦᠳᠡ ᠶᠢᠨ ᠴᠡᠪᠡᠷ ᠥᠷᠭᠡᠨ ᠤ ᠬᠡᠮᠵᠢᠶ᠎ᠡ ᠨᠢ 1.1 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠂ | ᠭᠠᠳᠠᠷ ᠡᠭᠦᠳᠡ ᠨᠢ ᠬᠤᠣᠰ ᠨᠡᠭᠡᠯᠳᠡᠳᠦ ᠡᠭᠦᠳᠡ ᠪᠣᠯᠬᠤ ᠦᠶ᠎ᠡ ᠳᠤ᠂ ᠨᠠᠭᠠᠲᠤ ᠵᠠᠬ᠎ᠠ ᠳᠠᠭᠠᠨ ᠨᠢᠭᠡ ᠲᠠᠯ᠎ᠠ ᠶᠢᠨ | ᠴᠡᠪᠡᠷ ᠥᠷᠭᠡᠨ ᠤ ᠬᠡᠮᠵᠢᠶ᠎ᠡ ᠨᠢ 0.8 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ ᠭᠡᠵᠤ ᠱᠠᠭᠠᠷᠳᠠᠬᠤ ᠶᠢᠨ | ᠬᠠᠮᠳᠦ ᠭᠡᠷ ᠳᠣᠲᠣᠷᠠᠬᠢ ᠡᠯ᠎ᠡ ᠲᠥᠷᠥᠯ ᠤᠨ ᠡᠭᠦᠳᠡ ᠶᠢᠨ ᠴᠡᠪᠡᠷ ᠥᠷᠭᠡᠨ ᠤ ᠪᠠᠷᠢᠮᠵᠢᠶ᠎ᠠ ᠳᠤ ᠨᠠᠷᠢᠨ ᠲᠣᠭᠲᠠᠭᠠᠯ | ᠭᠠᠷᠭᠠᠪᠠ᠃ | ᠠᠮᠤᠷ ᠲᠦᠪᠰᠢᠨ ᠤ ᠪᠠᠷᠢᠮᠵᠢᠶ᠎ᠠ ᠶᠢ ᠴᠢᠩᠭᠠᠳᠬᠠᠪᠠ᠃ ᠨᠢᠭᠡ ᠳᠤ᠂ ᠰᠡᠷᠭᠡᠶᠢᠯᠡᠨ ᠬᠠᠮᠠᠭᠠᠯᠠᠬᠤ | ᠲᠥᠬᠦᠭᠡᠷᠦᠮᠵᠢ ᠶᠢᠨ ᠴᠡᠪᠡᠷ ᠥᠨᠳᠥᠷ ᠤᠨ ᠪᠠᠷᠢᠮᠵᠢᠶ᠎ᠠ ᠶᠢ ᠲᠡᠭᠡᠭᠰᠢᠯᠡᠭᠦᠯᠪᠡ᠃ ︽ᠨᠢᠭᠡ ᠨᠠᠰᠤᠲᠠᠨ ᠨᠢᠭᠡ ᠨᠢᠯᠬᠠᠰ︾ | ᠤᠨ ᠬᠡᠷᠡᠭᠴᠡᠭᠡ ᠳᠤ ᠨᠠᠩ ᠰᠠᠶᠢᠨ ᠵᠣᠬᠢᠴᠠᠭᠤᠯᠬᠤ ᠶᠢᠨ ᠲᠥᠯᠥᠭᠡ᠂ ᠨᠢᠭᠡ ᠲᠠᠯ᠎ᠠ ᠪᠠᠷ ᠬᠡᠷᠡᠰᠬᠡ ᠶᠢᠨ ᠴᠡᠪᠡᠷ | ᠥᠨᠳᠥᠷ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠠᠷᠠᠪᠴᠢ ᠵᠢᠴᠢ ᠭᠠᠳᠠᠷ ᠬᠤᠩᠭᠢᠯ᠂ ᠭᠡᠷ ᠤᠨ ᠳᠣᠲᠣᠷᠠᠬᠢ | ᠬᠤᠩᠭᠢᠯ᠂ ᠭᠡᠷ ᠤᠨ ᠭᠠᠳᠠᠨᠠᠬᠢ ᠠᠰᠠᠷ ᠤᠨ ᠱᠠᠲᠤ᠂ ᠭᠡᠷ ᠤᠨ ᠣᠷᠣᠢ ᠵᠡᠷᠭᠡ ᠬᠤᠭᠤᠰᠤᠨ ᠭᠠᠵᠠᠷ ᠤᠨ | ᠬᠠᠮᠠᠭᠠᠯᠠᠯᠲᠠ ᠶᠢᠨ ᠬᠡᠷᠡᠰᠬᠡ ᠶᠢ 1.2 ᠮᠧᠲᠷ ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠪᠠ᠂ | ᠤᠤᠯ ᠤᠨ ᠵᠢᠷᠤᠮᠵᠢᠯ ᠳᠤ ᠵᠢᠷᠭᠤᠭᠠᠨ ᠳᠠᠪᠬᠤᠷ ᠵᠢᠴᠢ ᠲᠡᠭᠦᠨ ᠠᠴᠠ ᠳᠣᠷᠣᠭᠰᠢ 1.05 ᠮᠧᠲᠷ ᠠᠴᠠ ᠳᠣᠣᠷ᠎ᠠ | ᠪᠠᠶᠢᠯᠭᠠᠬᠤ ᠪᠤᠯᠬᠤ ᠦᠭᠡᠢ᠂ ᠲᠤᠯᠤᠭᠠᠨ ᠳᠠᠪᠬᠤᠷ ᠵᠢᠴᠢ ᠲᠡᠭᠦᠨ ᠠᠴᠠ ᠳᠡᠭᠡᠭᠰᠢ 1.1 ᠮᠧᠲᠷ ᠠᠴᠠ ᠳᠣᠣᠷ᠎ᠠ | ᠪᠠᠶᠢᠯᠭᠠᠬᠤ ᠪᠤᠯᠬᠤ ᠦᠭᠡᠢ ᠭᠡᠵᠤ ᠱᠠᠭᠠᠷᠳᠠᠪᠠ︔ ᠨᠥᠭᠦᠭᠡ ᠲᠠᠯ᠎ᠠ ᠪᠠᠷ᠂ ᠣᠯᠠᠨ ᠨᠡᠶᠢᠲᠡ ᠶᠢᠨ ᠣᠷᠣᠵᠤ ᠭᠠᠷᠬᠤ | ᠡᠭᠦᠳᠡᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠱᠠᠲᠤ ᠪᠠ ᠶᠢᠨᠳᠡᠷ ᠤᠨ ᠬᠠᠵᠠᠭᠤ ᠶᠢᠨ | ᠬᠠᠮᠠᠭᠠᠯᠠᠯᠲᠠ ᠶᠢᠨ ᠲᠥᠬᠦᠭᠡᠷᠦᠮᠵᠢ ᠶᠢᠨ ᠴᠡᠪᠡᠷ ᠥᠨᠳᠥᠷ ᠢ 1.2 ᠮᠧᠲᠷ ᠠᠴᠠ ᠳᠣᠣᠷ᠎ᠠ ᠪᠠᠶᠢᠯᠭᠠᠵᠤ ᠪᠤᠯᠬᠤ ᠦᠭᠡᠢ | ᠭᠡᠵᠤ ᠱᠠᠭᠠᠷᠳᠠᠵᠤ᠂ ᠤᠤᠯ ᠤᠨ ᠪᠠᠷᠢᠮᠵᠢᠶ᠎ᠠ ᠠᠴᠠ 0.15 ᠮᠧᠲᠷ ᠳᠡᠭᠡᠭᠰᠢᠯᠡᠵᠡᠢ᠃ ᠬᠤᠶᠠᠷ ᠲᠤ᠂ ᠠᠰᠠᠷ ᠤᠨ | ᠬᠠᠪᠲᠠᠰᠤ ᠶᠢᠨ ᠵᠤᠵᠠᠭᠠᠨ ᠤ ᠬᠡᠮᠵᠢᠶ᠎ᠡ ᠶᠢᠨ ᠱᠠᠭᠠᠷᠳᠠᠯᠭ᠎ᠠ ᠶᠢ ᠰᠢᠨ᠎ᠡ ᠪᠠᠷ ᠨᠡᠮᠡᠵᠡᠢ᠃ ᠰᠢᠨ᠎ᠡ ᠪᠠᠷ ᠪᠠᠶᠢᠭᠤᠯᠬᠤ | ᠣᠷᠣᠨ ᠰᠠᠭᠤᠴᠠ ᠶᠢᠨ ᠪᠠᠷᠢᠯᠭ᠎ᠠ ᠶᠢᠨ ᠪᠣᠯᠣᠳ ᠪᠧᠲ᠋ᠣᠨ ᠪᠦᠲᠦᠴᠡ ᠶᠢᠨ ᠠᠰᠠᠷ ᠤᠨ ᠬᠠᠪᠲᠠᠰᠤᠨ ᠤ ᠴᠤᠯᠤ | ᠵᠤᠵᠠᠭᠠᠨ ᠨᠢ 100 ᠮᠢᠯᠢᠮᠧᠲᠷ ᠠᠴᠠ ᠪᠠᠭ᠎ᠠ ᠪᠠᠶᠢᠵᠤ ᠪᠣᠯᠬᠤ ᠦᠭᠡᠢ ᠭᠡᠵᠦ ᠲᠣᠭᠲᠠᠭᠠᠵᠠᠢ᠃ | ᠭᠠᠳᠠᠭᠰᠢ ᠭᠠᠷᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠲᠡᠭᠡᠭᠰᠢᠯᠡᠭᠦᠯᠪᠡ᠃ ᠨᠢᠭᠡ ᠳᠤ᠂ ᠴᠠᠬᠢᠯᠭᠠᠨ | ᠱᠠᠲᠤ ᠲᠤᠬᠢᠷᠠᠭᠤᠯᠬᠤ ᠠᠰᠠᠷ ᠤᠨ ᠲᠠᠪᠬᠤᠷᠯᠢᠭ ᠤᠨ ᠥᠨᠳᠥᠷ ᠤᠨ ᠱᠠᠭᠠᠷᠳᠠᠯᠭ᠎ᠠ ᠶᠢ ᠪᠠᠭᠤᠷᠠᠭᠤᠯᠪᠠ᠃ ᠴᠠᠬᠢᠯᠭᠠᠨ | ᠱᠠᠲᠤ ᠤᠭᠰᠠᠷᠠᠬᠤ ᠬᠠᠮᠤᠭ ᠤᠨ ᠳᠣᠣᠷ᠎ᠠ ᠲᠠᠪᠬᠤᠷᠯᠢᠭ ᠤᠨ ᠱᠠᠭᠠᠷᠳᠠᠯᠭ᠎ᠠ ᠶᠢ ᠲᠤᠯᠤᠭᠠᠨ ᠲᠠᠪᠬᠤᠷᠯᠢᠭ ᠠᠴᠠ | ᠲᠦᠷᠪᠡᠨ ᠲᠠᠪᠬᠤᠷᠯᠢᠭ ᠪᠤᠯᠭᠠᠨ ᠲᠣᠬᠢᠷᠠᠭᠤᠯᠵᠤ᠂ ᠬᠠᠮᠤᠭ ᠤᠨ ᠳᠣᠣᠷ᠎ᠠ ᠲᠠᠪᠬᠤᠷᠯᠢᠭ ᠤᠨ ᠦᠨᠳᠦᠷ ᠢ 16 | ᠮᠧᠲᠷ ᠠᠴᠠ 9 ᠮᠧᠲᠷ ᠲᠤ ᠪᠤᠯᠭᠠᠨ ᠲᠣᠬᠢᠷᠠᠭᠤᠯᠵᠤ᠂ ᠣᠷᠣᠨ ᠰᠠᠭᠤᠴᠠ ᠶᠢᠨ ᠨᠢᠭᠡᠴᠢ ᠨᠢᠭᠡᠪᠦᠷᠢ ᠳᠤ ᠨᠠᠭᠠᠲᠤ | ᠵᠠᠬ᠎ᠠ ᠳᠠᠭᠠᠨ 1 ᠴᠠᠬᠢᠯᠭᠠᠨ ᠱᠠᠲᠤ ᠲᠣᠬᠢᠷᠠᠭᠤᠯᠤᠨ᠎ᠠ᠃ ᠬᠤᠶᠠᠷ ᠲᠤ᠂ ᠴᠠᠬᠢᠯᠭᠠᠨ ᠱᠠᠲᠤ ᠶᠢᠨ ᠬᠡᠮ ᠬᠡᠮᠵᠢᠶ᠎ᠡ ᠶᠢᠨ | ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠨᠠᠰᠤᠲᠠᠶᠢᠴᠤᠳ ᠤᠨ ᠪᠠᠴᠢᠮ ᠠᠪᠤᠷᠠᠯᠲᠠ ᠶᠢᠨ ᠬᠡᠷᠡᠭᠴᠡᠭᠡ ᠳᠤ | ᠵᠣᠬᠢᠴᠠᠭᠤᠯᠬᠤ ᠶᠢᠨ ᠲᠥᠯᠥᠭᠡ᠂ ᠰᠢᠨ᠎ᠡ ᠵᠢᠷᠤᠮᠵᠢᠯ ᠳᠤ ᠰᠡᠦᠬᠡ ᠶᠢᠨ ᠡᠭᠦᠳᠡᠨ ᠤ ᠴᠡᠪᠡᠷ ᠥᠷᠭᠡᠨ᠂ ᠰᠡᠦᠬᠡ ᠶᠢᠨ | ᠣᠷᠳᠣ ᠶᠢᠨ ᠬᠡᠮᠵᠢᠶ᠎ᠡ᠂ ᠥᠷᠭᠡᠨ ᠪᠠ ᠭᠦᠨᠴᠡ ᠵᠢᠴᠢ ᠴᠠᠬᠢᠯᠭᠠᠨ ᠱᠠᠲᠤ ᠶᠢᠨ ᠪᠠᠴᠢᠮ ᠳᠠᠭᠤᠳᠠᠯᠲᠠ ᠶᠢᠨ | ᠳᠠᠷᠤᠭᠤᠯ ᠤᠨ ᠭᠠᠵᠠᠷ ᠤᠨ ᠭᠠᠳᠠᠷᠭᠤ ᠠᠴᠠ ᠬᠡᠳᠦᠢ ᠥᠨᠳᠥᠷ ᠪᠠᠶᠢᠯᠭᠠᠬᠤ ᠬᠠᠮᠤᠭ ᠤᠨ ᠳᠣᠣᠷ᠎ᠠ ᠪᠠᠷᠢᠮᠵᠢᠶ᠎ᠠ ᠶᠢᠨ | ᠲᠤᠬᠠᠢ ᠲᠣᠳᠣᠷᠬᠠᠢ ᠲᠣᠭᠲᠠᠭᠠᠯ ᠭᠠᠷᠭᠠᠪᠠ᠃ ᠭᠤᠷᠪᠠ ᠳᠤ᠂ ᠬᠠᠷᠰᠢ ᠰᠠᠭᠠᠳ ᠦᠭᠡᠢ ᠵᠢᠷᠤᠭ ᠲᠥᠯᠥᠪᠯᠡᠭᠡ ᠶᠢᠨ | ᠱᠠᠭᠠᠷᠳᠠᠯᠭ᠎ᠠ ᠶᠢ ᠴᠢᠩᠭᠠᠷᠠᠭᠤᠯᠪᠠ᠃ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠨᠢᠭᠡᠴᠢ ᠨᠢᠭᠡᠪᠦᠷᠢ ᠳᠤ | ᠨᠠᠭᠠᠲᠤ ᠵᠠᠬ᠎ᠠ ᠳᠠᠭᠠᠨ 1 ᠬᠠᠷᠰᠢ ᠰᠠᠭᠠᠳ ᠦᠭᠡᠢ ᠨᠡᠶᠢᠲᠡ ᠶᠢᠨ ᠡᠭᠦᠳᠡ ᠲᠤᠬᠢᠷᠠᠭᠤᠯᠬᠤ ᠬᠡᠷᠡᠭᠲᠡᠢ ᠭᠡᠵᠦ | ᠲᠤᠭᠳᠠᠭᠠᠵᠠᠢ᠃ | ᠭᠡᠷ ᠳᠣᠲᠣᠷᠠᠬᠢ ᠣᠷᠴᠢᠨ ᠲᠣᠭᠤᠷᠢᠨ ᠢ ᠰᠢᠯᠢᠳᠡᠭᠵᠢᠭᠦᠯᠪᠡ᠃ ᠰᠢᠨ᠎ᠡ ᠵᠢᠷᠤᠮᠵᠢᠯ ᠳᠤ ᠭᠡᠷᠡᠯ᠂ ᠳᠠᠭᠤᠨ᠂ | ᠢᠯᠴᠢ ᠶᠢᠨ ᠣᠷᠴᠢᠨ ᠲᠣᠭᠤᠷᠢᠨ ᠳᠤ ᠨᠡᠩ ᠨᠠᠷᠢᠨ ᠴᠢᠩᠭ᠎ᠠ ᠲᠣᠭᠲᠠᠭᠠᠯ ᠭᠠᠷᠭᠠᠪᠠ᠃ ᠵᠢᠱᠢᠶᠡᠯᠡᠪᠡᠯ᠂ ᠬᠡᠷᠡᠯ | ᠲᠤᠰᠤᠯᠳᠠ ᠶᠢᠨ ᠲᠠᠯ᠎ᠠ ᠪᠠᠷ᠂ ᠰᠢᠨ᠎ᠡ ᠵᠢᠷᠤᠮᠵᠢᠯ ᠨᠢ ᠣᠷᠣᠨ ᠰᠠᠭᠤᠴᠠ ᠨᠢᠭᠡᠪᠦᠷᠢ ᠳᠤ ᠨᠠᠭᠠᠲᠤ ᠵᠠᠬ᠎ᠠ ᠳᠠᠭᠠᠨ ᠨᠢᠭᠡ | ᠤᠨᠲᠠᠬᠤ ᠥᠷᠥᠭᠡ ᠨᠢ ᠨᠡᠷᠡᠨ ᠤ ᠲᠤᠰᠤᠯᠲᠠ ᠭᠦᠢᠴᠡᠳ ᠪᠠᠶᠢᠬᠤ ᠪᠠᠷᠢᠮᠵᠢᠶ᠎ᠠ ᠶᠢ ᠬᠠᠩᠭᠠᠵᠤ ᠳᠡᠶᠢᠯᠬᠦ ᠶᠢ | ᠱᠠᠭᠠᠷᠳᠠᠵᠠᠢ︔ ᠲᠠᠭᠤ ᠬᠦᠨᠳᠡᠶᠢᠷᠡᠭᠦᠯᠬᠦ ᠲᠠᠯ᠎ᠠ ᠪᠠᠷ᠂ ᠣᠷᠣᠨ ᠰᠠᠭᠤᠴᠠ ᠶᠢᠨ ᠭᠠᠳᠠᠷ ᠬᠡᠷᠡᠮ᠂ ᠠᠰᠠᠷ ᠤᠨ | ᠬᠠᠪᠲᠠᠰᠤᠨ ᠤ ᠲᠡᠭᠤ ᠬᠥᠨᠳᠡᠶᠢᠷᠡᠭᠦᠯᠬᠦ ᠴᠢᠳᠠᠪᠬᠢ ᠶᠢᠨ ᠱᠠᠭᠠᠷᠳᠠᠯᠭ᠎ᠠ ᠵᠢᠴᠢ ᠤᠰᠤ ᠲᠠᠲᠠᠷᠠᠭᠤᠯᠬᠤ ᠱᠤᠤᠭᠢᠶ᠎ᠠ | ᠲᠡᠭᠤᠠ ᠤ ᠲᠡᠰ ᠤᠨ ᠪᠠᠷᠢᠮᠵᠢᠶ᠎ᠠ ᠶᠢ ᠲᠣᠳᠣᠷᠬᠠᠢ ᠲᠣᠭᠲᠠᠭᠠᠬᠤ ᠶᠢᠨ ᠬᠠᠮᠲᠤ ᠤᠨᠲᠠᠯᠭ᠎ᠠ ᠶᠢᠨ ᠥᠷᠥᠭᠡᠨ ᠤ | ᠳᠣᠲᠣᠷᠠᠬᠢ ᠪᠠᠷᠢᠯᠭ᠎ᠠ ᠶᠢᠨ ᠲᠥᠬᠦᠭᠡᠷᠦᠮᠵᠢ ᠶᠢᠨ ᠪᠦᠲᠦᠴᠡ ᠶᠢᠨ ᠱᠤᠤᠭᠢᠶ᠎ᠠ ᠲᠡᠭᠤᠠ ᠤ ᠬᠢᠵᠠᠭᠠᠷ ᠬᠡᠮᠵᠢᠭᠳᠡᠯ | ᠵᠡᠷᠭᠡ ᠶᠢ ᠬᠢᠵᠠᠭᠠᠷᠯᠠᠪᠠ︔ ᠢᠯᠴᠢ ᠬᠠᠩᠭᠠᠯᠭ᠎ᠠ ᠶᠢᠨ ᠲᠠᠯ᠎ᠠ ᠪᠠᠷ᠂ ᠤᠤᠯ ᠤᠨ ᠵᠢᠷᠤᠮᠵᠢᠯ ᠤᠨ ᠰᠠᠭᠤᠷᠢᠨ ᠳᠡᠭᠡᠷ᠎ᠡ᠂ | ᠤᠨᠲᠠᠬᠤ ᠥᠷᠥᠭᠡᠨ ᠤ ᠰᠢᠭᠤᠳ ᠠᠶᠠᠨᠳᠠᠭᠠᠨ ᠰᠠᠯᠬᠢ ᠨᠡᠪᠲᠡᠷᠡᠬᠦ ᠠᠮᠠᠰᠠᠷ ᠤᠨ ᠲᠠᠯᠠᠪᠠᠶ ᠶᠢ ᠭᠠᠵᠠᠷ ᠤᠨ | ᠭᠠᠳᠠᠷᠭᠤ ᠶᠢᠨ ᠲᠠᠯᠠᠪᠠᠶ ᠶᠢᠨ 5% ᠠᠴᠠ ᠪᠠᠭ᠎ᠠ ᠪᠠᠶᠢᠯᠭᠠᠵᠤ ᠪᠤᠯᠬᠤ ᠦᠭᠡᠢ ᠭᠡᠬᠦ ᠮᠡᠲᠦ᠃ | ᠲᠥᠬᠦᠭᠡᠷᠦᠮᠵᠢ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠰᠢᠨ᠎ᠡ ᠵᠢᠷᠤᠮᠵᠢᠯ ᠨᠢ ᠤᠰᠤ ᠬᠠᠩᠭᠠᠬᠤ ᠤᠰᠤ | ᠲᠠᠳᠠᠷᠠᠭᠤᠯᠬᠤ᠂ ᠳᠤᠯᠠᠭᠠᠯᠠᠭ᠎ᠠ ᠬᠠᠩᠭᠠᠬᠤ᠂ ᠠᠭᠠᠷ ᠲᠣᠬᠢᠷᠠᠭᠤᠯᠤᠭᠴᠢ᠂ ᠰᠢᠲᠠᠮᠠᠬᠠᠢ ᠬᠡᠢ᠂ ᠴᠠᠬᠢᠯᠭᠠᠨ᠂ | ᠣᠶᠤᠨᠴᠢᠯᠠᠯᠲᠠ ᠵᠡᠷᠭᠡ ᠪᠡᠯᠡᠳᠭᠡᠮᠵᠢ ᠲᠥᠬᠦᠭᠡᠷᠦᠮᠵᠢ ᠶᠢ ᠪᠠᠶᠢᠷᠢᠯᠠᠭᠤᠯᠬᠤ ᠪᠠ ᠬᠡᠷᠡᠭᠯᠡᠬᠦ ᠡᠯ᠎ᠡ ᠵᠦᠢᠯ ᠤᠨ | ᠲᠣᠭᠲᠠᠭᠠᠯ ᠢ ᠤᠯᠠᠮ ᠴᠢᠨᠠᠭᠰᠢᠳᠠ ᠨᠠᠷᠢᠯᠢᠭᠵᠢᠭᠤᠯᠪᠠ᠃ ᠵᠢᠱᠢᠶᠡᠯᠡᠪᠡᠯ᠂ ᠤᠰᠤ ᠬᠠᠩᠭᠠᠬᠤ ᠤᠰᠤ ᠲᠠᠳᠠᠷᠠᠭᠤᠯᠬᠤ | ᠲᠠᠯ᠎ᠠ ᠪᠠᠷ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠳᠤ ᠠᠮᠢᠳᠤᠷᠠᠯ ᠤᠨ ᠬᠠᠯᠠᠭᠤᠨ ᠤᠰᠤᠨ ᠤ ᠰᠢᠰᠲ᠋ᠧᠮ | ᠬᠠᠩᠭᠠᠬᠤ ᠪᠤᠶᠤ ᠤᠰᠤ ᠬᠠᠯᠠᠭᠠᠭᠤᠷ ᠤᠨ ᠣᠷᠣᠨ ᠪᠠᠶᠢᠷᠢ ᠪᠠ ᠬᠤᠭᠤᠯᠠᠢ ᠤᠭᠰᠠᠷᠠᠬᠤ ᠱᠠᠭᠠᠷᠳᠠᠯᠭ᠎ᠠ ᠶᠢ | ᠤᠷᠢᠳᠴᠢᠯᠠᠨ ᠦᠯᠡᠳᠡᠭᠡᠬᠦ ᠬᠡᠷᠡᠭᠲᠡᠢ︔ ᠬᠡᠢ ᠴᠠᠬᠢᠯᠭᠠᠨ ᠤ ᠲᠠᠯ᠎ᠠ ᠪᠠᠷ᠂ ᠣᠷᠣᠨ ᠰᠠᠭᠤᠴᠠ ᠨᠢᠭᠡᠪᠦᠷᠢ ᠶᠢᠨ | ᠴᠠᠬᠢᠯᠭᠠᠨ ᠡᠨᠧᠷᠭᠢ ᠶᠢᠨ ᠬᠡᠮᠵᠢᠭᠦᠷ ᠢ ᠪᠠᠶᠢᠷᠢᠯᠠᠭᠤᠯᠬᠤ ᠳᠠᠭᠠᠨ ᠬᠠᠮᠢᠶᠠᠷᠬᠤ᠂ ᠤᠭᠰᠠᠷᠠᠬᠤ᠂ ᠬᠡᠷᠡᠭᠯᠡᠬᠦ ᠪᠠ | ᠪᠠᠶᠢᠴᠠᠭᠠᠨ ᠵᠠᠰᠠᠬᠤ ᠳᠤ ᠲᠥᠬᠦᠮ ᠪᠠᠶᠢᠯᠭᠠᠬᠤ ᠬᠡᠷᠡᠭᠲᠡᠢ᠂ ᠴᠠᠬᠢᠯᠭᠠᠨ ᠡᠭᠦᠰᠬᠡᠭᠴᠢ ᠶᠢᠨ ᠤᠲᠠᠰᠤ ᠣᠷᠣᠭᠤᠯᠬᠤ | ᠬᠥᠨᠳᠡᠯᠡᠨ ᠣᠭᠲᠣᠯᠣᠭᠠᠰᠤ ᠶᠢᠨ ᠲᠠᠯᠠᠪᠠᠶ ᠶᠢ 10 ᠲᠡᠭᠰᠢ ᠳᠥᠷᠪᠡᠯᠵᠢᠨ ᠮᠢᠯᠢᠮᠧᠲᠷ ᠠᠴᠠ ᠪᠠᠭ᠎ᠠ ᠪᠠᠶᠢᠯᠭᠠᠵᠤ | ᠪᠤᠯᠬᠤ ᠦᠭᠡᠢ ᠭᠡᠵᠦ ᠱᠠᠭᠠᠷᠳᠠᠵᠠᠢ︔ ᠣᠶᠤᠨᠴᠢᠯᠠᠯᠲᠠ ᠶᠢᠨ ᠲᠠᠯ᠎ᠠ ᠪᠠᠷ᠂ ᠥᠩᠭᠡᠷᠡᠭᠰᠡᠨ ᠳᠤ ︽ᠭᠠᠯ ᠲᠦᠢᠮᠡᠷ ᠤᠨ | ᠮᠡᠳᠡᠭᠡ︾ ᠡᠭᠦᠰᠬᠦ ᠦᠶ᠎ᠡ ᠳᠤ ᠡᠭᠦᠳᠡᠨ ᠤ ᠬᠤᠷᠢᠭ᠎ᠠ ᠶᠢ ᠭᠠᠷ ᠢᠶᠠᠷ ᠬᠦᠴᠦᠨ ᠦᠭᠡᠢ ᠪᠣᠯᠭᠠᠵᠤ ᠪᠣᠯᠬᠤ ᠪᠥᠭᠡᠳ | ᠣᠯᠠᠨ ᠨᠡᠶᠢᠲᠡ ᠶᠢᠨ ᠰᠢᠯᠵᠢᠮᠡᠯ ᠮᠡᠳᠡᠭᠡ ᠬᠤᠯᠪᠣᠭᠠᠨ ᠤ ᠳᠣᠬᠢᠶ᠎ᠠ ᠶᠢ ᠣᠷᠣᠨ ᠰᠠᠭᠤᠴᠠ ᠶᠢᠨ ᠪᠠᠷᠢᠯᠭ᠎ᠠ ᠶᠢᠨ ᠣᠯᠠᠨ | ᠨᠡᠶᠢᠲᠡ ᠶᠢᠨ ᠣᠷᠣᠨ ᠵᠠᠢ ᠪᠠ ᠴᠠᠬᠢᠯᠭᠠᠨ ᠱᠠᠲᠤ ᠶᠢᠨ ᠰᠡᠦᠬᠡᠨ ᠳᠤ ᠪᠦᠬᠦᠨ ᠢ ᠪᠦᠷᠬᠦᠭᠦᠯᠬᠦ ᠶᠢ ᠱᠠᠭᠠᠷᠳᠠᠪᠠ᠃ | ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠢ ᠨᠡᠶᠢᠲᠡᠯᠡᠭᠰᠡᠨ ᠨᠢ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠶᠢ ᠰᠡᠷᠡᠵᠦ ᠮᠡᠳᠡᠵᠦ ᠪᠣᠯᠬᠤ᠂ | ᠬᠡᠮᠵᠢᠶᠡᠵᠢᠭᠦᠯᠵᠦ ᠪᠣᠯᠬᠤ ᠰᠠᠭᠤᠷᠢᠨ ᠳᠡᠭᠡᠷ᠎ᠡ ᠪᠠᠶᠢᠭᠤᠯᠤᠭᠰᠠᠨ ᠶᠤᠮ᠃ ︽ᠣᠷᠣᠨ ᠰᠠᠭᠤᠴᠠ ᠶᠢᠨ ᠲᠥᠷᠥᠯ | ᠵᠦᠢᠯ ᠤᠨ ᠵᠢᠷᠤᠮᠵᠢᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ︽ᠬᠢᠮᠳᠠ ᠪᠥᠭᠡᠳ ᠵᠦᠢ | ᠵᠣᠬᠢᠰᠲᠠᠢ᠂ ᠠᠮᠤᠷ ᠲᠦᠪᠰᠢᠨ ᠪᠥᠭᠡᠳ ᠳᠠᠭᠠᠭᠠᠮᠠᠭᠠᠢ ᠪᠠᠶᠢᠬᠤ︔ ᠬᠥᠮᠥᠨ ᠢᠶᠠᠷ ᠦᠨᠳᠦᠰᠦ ᠪᠣᠯᠭᠠᠬᠤ᠂ ᠡᠷᠡᠭᠦᠯ | ᠪᠥᠭᠡᠳ ᠲᠠᠭᠠᠯᠠᠮᠵᠢᠲᠠᠢ ᠪᠠᠶᠢᠬᠤ︔ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠣᠬᠢᠷᠲᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠬᠢ | ᠣᠯᠭᠤᠬᠤ᠂ ᠤᠶᠤᠨᠴᠢ ᠲᠥᠬᠦᠮ ᠦᠵᠡᠭᠦᠯᠬᠦ︾ ᠳᠥᠷᠪᠡᠨ ᠵᠠᠷᠴᠢᠮ ᠢ ᠪᠠᠷᠢᠮᠲᠠᠯᠠᠨ᠂ ᠣᠷᠣᠨ ᠰᠠᠭᠤᠴᠠ ᠶᠢᠨ ᠴᠢᠨᠠᠷ | ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ᠂ ᠰᠠᠭᠤᠭᠠᠯᠢ ᠠᠷᠠᠳ ᠤᠨ ᠠᠮᠤᠭᠤᠯᠠᠩ ᠠᠮᠢᠳᠤᠷᠠᠯ ᠤᠨ ᠬᠦᠷᠲᠡᠮᠵᠢ ᠶᠢᠨ ᠰᠡᠳᠬᠢᠯᠭᠡ ᠪᠠ | ᠬᠠᠨᠤᠮᠵᠢ ᠶᠢᠨ ᠬᠡᠮᠵᠢᠶ᠎ᠡ ᠶᠢ ᠨᠠᠩ ᠰᠠᠶᠢᠨ ᠳᠡᠭᠡᠭᠰᠢᠯᠡᠭᠦᠯᠬᠦ ᠪᠤᠯᠤᠨ᠎ᠠ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |