4 ᠳ᠋ᠤᠭᠡᠷ ᠰᠠᠷ᠎ᠠ ᠶᠢᠨ 28 ᠤ ᠡᠳᠦᠷ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ | ᠵᠠᠯᠠᠭᠤ ᠨᠠᠰᠤᠨ ᠤ ᠴᠤᠭ ᠪᠠᠳᠠᠷᠠᠩᠭᠤᠢ ᠠᠭᠤᠷ ᠠᠮᠢᠰᠬᠤᠯ ᠢᠶᠠᠷ ᠪᠢᠯᠬᠠᠵᠤ᠂ 2025 ᠣᠨ ᠤ ᠰᠢᠨ᠎ᠡ ᠡᠪᠯᠡᠯ ᠤᠨ | ᠭᠡᠰᠢᠭᠦᠨ ᠤ ᠡᠪᠯᠡᠯ ᠳᠤ ᠣᠷᠣᠬᠤ ᠶᠣᠰᠣᠯᠠᠯ ᠠᠳᠡ ᠶᠠᠪᠤᠭᠳᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠳᠤ ᠰᠢᠨ᠎ᠡ | ᠰᠣᠷᠭᠤᠭ ᠬᠦᠴᠦᠨ ᠨᠡᠮᠡᠷᠢᠯᠡᠵᠦ᠂ ᠵᠠᠯᠠᠭᠤ ᠰᠤᠷᠤᠭᠴᠢᠳ ᠤᠨ ᠰᠢᠨ᠎ᠡ ᠴᠠᠭ ᠦᠶ᠎ᠡ ᠳᠤ ᠡᠭᠦᠷᠭᠡ ᠬᠠᠷᠢᠭᠤᠴᠠᠯᠭ᠎ᠠ ᠪᠠᠨ | ᠵᠣᠷᠢᠭᠲᠠᠢ ᠡᠭᠦᠷᠭᠡᠯᠡᠬᠦ ᠶᠢ ᠵᠣᠷᠢᠭᠵᠢᠭᠤᠯᠪᠠ᠃ ᠶᠣᠰᠣᠯᠠᠯ ᠨᠢ ᠰᠦᠷ ᠵᠢᠪᠬᠤᠯᠠᠩᠲᠠᠢ ᠪᠠᠷ ᠤᠯᠤᠰ ᠤᠨ ᠲᠤᠭ | ᠮᠠᠨᠳᠤᠭᠤᠯᠬᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢᠨ ᠲᠤᠮᠳᠠ | ᠬᠥᠰᠢᠭᠡ ᠪᠠᠨ ᠰᠡᠬᠦᠵᠦ᠂ ᠪᠦᠬᠦ ᠪᠠᠭᠰᠢ ᠰᠤᠷᠤᠭᠴᠢᠳ ᠲᠥᠪ ᠬᠢᠴᠢᠶᠡᠩᠭᠦᠢ ᠪᠠᠷ ᠵᠣᠭᠰᠣᠵᠤ᠂ ᠬᠠᠷᠠᠴᠠ ᠪᠠᠲᠤ | ᠴᠢᠩᠭ᠎ᠠ ᠪᠠᠶᠢᠵᠤ᠂ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠬᠦᠨᠳᠦᠳᠬᠡᠯ ᠳᠡᠪᠰᠢᠭᠦᠯᠵᠦ ᠪᠠᠶᠢᠬᠤ ᠪᠠᠨ | ᠢᠯᠡᠳᠬᠡᠵᠡᠢ᠃ | ᠳᠠᠷᠠᠭ᠎ᠠ ᠨᠢ᠂ ᠡᠷᠬᠢᠯᠡᠭᠴᠢ ᠠᠴᠠ 69 ᠰᠢᠨ᠎ᠡ ᠡᠪᠯᠡᠯ ᠤᠨ ᠭᠡᠰᠢᠭᠦᠨ ᠤ ᠨᠡᠷᠡᠰ ᠢ ᠤᠩᠰᠢᠨ ᠨᠡᠶᠢᠲᠡᠯᠡᠵᠦ᠂ | ᠡᠪᠯᠡᠯ ᠤᠨ ᠰᠢᠶᠠᠨ ᠤ ᠬᠤᠷᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠵᠢᠴᠢ ᠡᠯ᠎ᠡ | ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ ᠠᠴᠠ ᠰᠢᠨ᠎ᠡ ᠡᠪᠯᠡᠯ ᠤᠨ ᠭᠡᠰᠢᠭᠦᠨ ᠳᠤ ᠡᠪᠯᠡᠯ ᠤᠨ | ᠭᠡᠰᠢᠭᠦᠨ ᠤ ᠪᠡᠶ᠎ᠡ ᠬᠡᠮ ᠪᠣᠯᠣᠨ ᠬᠠᠷᠢᠭᠤᠴᠠᠯᠭ᠎ᠠ ᠶᠢ ᠪᠡᠯᠭᠡᠳᠡᠭᠰᠡᠨ ᠡᠪᠯᠡᠯ ᠤᠨ ᠭᠡᠰᠢᠭᠦᠨ ᠤ ᠦᠨᠡᠮᠯᠡᠯ ᠪᠣᠯᠣᠨ | ᠡᠪᠯᠡᠯ ᠤᠨ ᠰᠦᠯᠳᠡ ᠶᠢ ᠭᠠᠷᠳᠠᠭᠤᠯᠵᠠᠢ᠃ ᠲᠠᠩᠭᠠᠷᠢᠭᠯᠠᠭᠴᠢ ᠶᠢᠨ ᠳᠠᠭᠠᠭᠤᠯᠭ᠎ᠠ ᠪᠠᠷ᠂ ᠰᠢᠨ᠎ᠡ ᠡᠪᠯᠡᠯ ᠤᠨ ᠭᠡᠰᠢᠭᠦᠨ | ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ ᠲᠥᠪ ᠴᠢᠩᠭ᠎ᠠ ᠪᠠᠷ ᠲᠠᠩᠭᠠᠷᠢᠭᠯᠠᠵᠤ᠂ ᠢᠳᠡ ᠬᠦᠴᠦᠲᠡᠢ ᠲᠠᠩᠭᠠᠷᠢᠭ | ᠨᠢ ᠪᠦᠬᠦ ᠬᠤᠷᠠᠯ ᠤᠨ ᠲᠠᠯᠠᠪᠠᠢ ᠳᠤ ᠴᠤᠤᠷᠢᠶᠠᠲᠤᠪᠠ᠃ | ᠶᠠᠷᠢᠶᠠᠨ ᠤ ᠶᠠᠪᠤᠴᠠ ᠳᠤ᠂ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠪᠣᠯᠣᠨ ᠰᠢᠯᠢᠳᠡᠭ ᠡᠪᠯᠡᠯ ᠤᠨ | ᠭᠡᠰᠢᠭᠦᠨ ᠤ ᠲᠥᠯᠥᠭᠡᠯᠡᠭᠴᠢ ᠲᠠᠶᠢᠰᠠᠨ ᠳᠤ ᠭᠠᠷᠴᠤ ᠰᠠᠨᠠᠯ ᠢᠶᠠᠨ ᠰᠣᠯᠢᠯᠴᠠᠵᠤ᠂ ᠰᠢᠨ᠎ᠡ ᠡᠪᠯᠡᠯ ᠤᠨ ᠭᠡᠰᠢᠭᠦᠨ ᠤ | ᠲᠠᠰᠤᠷᠠᠯᠲᠠ ᠦᠭᠡᠢ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠪᠠ᠃ ᠡᠪᠯᠡᠯ ᠤᠨ ᠰᠢᠶᠠᠨ ᠤ ᠨᠠᠮ ᠤᠨ | ᠬᠤᠷᠢᠶ᠎ᠠ ᠠᠴᠠ ᠰᠢᠨ᠎ᠡ ᠡᠪᠯᠡᠯ ᠤᠨ ᠭᠡᠰᠢᠭᠦᠨ ᠳᠤ ᠬᠦᠰᠡᠯ ᠱᠠᠭᠠᠷᠳᠠᠯᠭ᠎ᠠ ᠳᠤᠷᠠᠳᠴᠤ᠂ ᠤᠯᠠᠨ ᠢ ᠡᠪᠯᠡᠯ ᠤᠨ | ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠬᠡᠬᠦᠳᠡᠭ ᠴᠡᠭᠡᠵᠢᠨ ᠳᠡᠭᠡᠨ | ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠪᠠ᠃ ︽ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡ ᠭᠡᠰᠢᠭᠦᠨ | ᠪᠣᠯᠤᠭᠰᠠᠨ ᠳᠠᠭᠠᠨ ᠮᠠᠰᠢ ᠠᠵᠠᠲᠠᠢ ᠪᠠᠶᠢᠨ᠎ᠠ᠂ ᠬᠤᠶᠢᠰᠢᠳᠠ ᠪᠢ ᠡᠪᠯᠡᠯ ᠤᠨ ᠭᠡᠰᠢᠭᠦᠨ ᠤ ᠪᠠᠷᠢᠮᠵᠢᠶ᠎ᠠ ᠪᠠᠷ | ᠥᠪᠡᠷ ᠢ ᠪᠠᠨ ᠴᠢᠩᠭ᠎ᠠ ᠱᠠᠭᠠᠷᠳᠠᠵᠤ᠂ ᠰᠢᠷᠭᠠᠭᠤ ᠰᠤᠷᠤᠯᠴᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ | ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠰᠤᠷᠤᠯᠴᠠᠯᠭ᠎ᠠ ᠠᠮᠢᠳᠤᠷᠠᠯ ᠤᠨ ᠭᠠᠵᠠᠷ ᠪᠣᠯᠭᠠᠨ ᠳᠤ | ᠠᠭᠤᠰᠬᠠᠵᠤ᠂ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠵᠤ ᠬᠥᠮᠥᠵᠢᠨᠡ︾ ᠭᠡᠵᠦ | ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠯᠢ ᠰᠢᠦᠸᠠᠨ ᠵᠢᠶᠦ᠋ᠨ ᠬᠡᠯᠡᠪᠡ᠃ | ᠲᠤᠰ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠤᠨ ᠡᠪᠯᠡᠯ ᠤᠨ ᠭᠡᠰᠢᠭᠦᠨ ᠤ ᠢᠷᠠᠭᠤ ᠠᠯᠳᠠᠷᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠪᠦᠲᠦᠮᠵᠢᠲᠡᠢ ᠨᠡᠮᠡᠭᠳᠡᠭᠦᠯᠵᠦ᠂ ᠥᠷᠭᠡᠨ ᠤᠯᠠᠨ ᠵᠠᠯᠠᠭᠤᠴᠤᠳ ᠤᠨ | ᠡᠪᠯᠡᠯ ᠤᠨ ᠭᠡᠰᠢᠭᠦᠨ ᠤ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠢ ᠬᠥᠭᠡᠭᠡᠴᠡᠯᠳᠦᠬᠦ ᠶᠢ ᠵᠣᠷᠢᠭᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠬᠤᠷᠢᠶ᠎ᠠ ᠶᠢᠨ ᠬᠢᠨ ᠡᠪ ᠬᠠᠮᠲᠤ ᠵᠠᠯᠠᠭᠤᠴᠤᠳ ᠤᠨ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠡᠯᠪᠡᠭ ᠪᠠᠶᠠᠯᠢᠭ | ᠠᠭᠤᠯᠭ᠎ᠠ ᠲᠠᠢ ᠡᠪᠯᠡᠯ ᠤᠨ ᠬᠢᠴᠢᠶᠡᠯ ᠪᠣᠯᠣᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠤᠨ | ᠡᠪᠯᠡᠯ ᠤᠨ ᠭᠡᠰᠢᠭᠦᠨ ᠢ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠨᠠᠮ ᠪᠣᠯᠣᠨ | ᠤᠯᠤᠰ ᠤᠨ ᠦᠢᠯᠡᠰ ᠤᠨ ᠬᠥᠭᠵᠢᠯᠲᠡ ᠳᠤ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ᠎ᠡ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠦᠩ ᠤᠨ ᠬᠠᠮ ᠵᠠᠭᠤᠴᠢᠯᠠᠭᠤᠷ |