ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ — ᠾᠧᠪᠧᠢ ᠶᠢᠨ ᠬᠠᠨᠳᠠᠨ᠂ ᠬᠤᠪᠧᠢ ᠶᠢᠨ ᠢᠴᠠᠩ ᠤᠨ ᠬᠡᠷᠡᠭ ᠤᠨ ᠵᠢᠱᠢᠶ᠎ᠡ
ᠨᠡᠶᠢᠲᠡᠯᠡᠭᠰᠡᠨ ᠴᠠᠭ᠄
2025/4/29
      ᠶᠡᠷᠦᠩᠬᠡᠢ ᠱᠦᠵᠢ ᠰᠢ ᠶᠢᠨ ᠫᠢᠩ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠵᠥᠪᠰᠢᠶᠡᠷᠡᠯ ᠢᠶᠠᠷ᠂ 2023 ᠣᠨ ᠤ 8 ᠳ᠋ᠤᠭᠠᠷ ᠰᠠᠷ᠎ᠠ ᠶᠢᠨ 9 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ︽ᠪᠦᠬᠦ ᠤᠯᠤᠰ ᠤᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠲᠤᠶᠢᠯᠪᠦᠷᠢᠳᠠᠢ︾᠂ ᠪᠦᠬᠦ ᠬᠡᠯᠬᠢᠶ᠎ᠡ ᠪᠠᠷ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃ ᠲᠥᠰᠥᠯ ᠤᠨ ᠪᠠᠶᠢᠷᠢᠯᠠᠭᠤᠯᠤᠯᠲᠠ ᠶᠣᠰᠣᠭᠠᠷ᠄ ︽ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠪᠤᠴᠠ ᠳᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠨᠥᠯᠥᠭᠡ ᠮᠠᠭᠤ ᠶᠢ ᠨᠢ ᠬᠠᠤᠯᠢ ᠶᠣᠰᠣᠭᠠᠷ ᠴᠢᠩᠭ᠎ᠠ ᠰᠢᠢᠳᠭᠡᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠨᠢᠭᠡ ᠪᠦᠯᠦᠭ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠵᠦ᠂ ᠰᠦᠷᠳᠡᠭᠦᠯᠬᠦ ᠬᠦᠴᠦᠨ ᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠵᠠᠯᠬᠠᠭᠠᠨ  ᠰᠢᠢᠳᠭᠡᠬᠦ ᠬᠦᠴᠦᠲᠡᠢ ᠳᠠᠷᠤᠯᠲᠠ ᠲᠠᠢ ᠪᠠᠶᠢᠳᠠᠯ ᠢ ᠪᠣᠶ ᠪᠣᠯᠭᠠᠬᠤ ᠬᠡᠷᠡᠭᠲᠡᠢ︾᠃ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠱᠠᠲᠤ ᠦᠶᠡᠴᠢ ᠴᠢᠨᠠᠷᠳᠠᠢ ᠦᠷ᠎ᠡ ᠪᠦᠲᠦᠮᠵᠢ ᠤᠯᠵᠠᠢ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ 2210 ᠠᠵᠤ ᠠᠬᠤᠶᠢᠯᠠᠯ᠂ ᠬᠡᠢ ᠰᠠᠪᠠᠯᠠᠬᠤ 95 ᠠᠵᠤ ᠠᠬᠤᠶᠢᠯᠠᠯ ᠤᠨ ᠠᠵᠢᠯ ᠢ ᠵᠣᠭᠰᠣᠭᠠᠵᠤ᠂ ︽ᠬᠠᠤᠯᠢ ᠪᠤᠰᠤ ᠡᠵᠩᠨᠡᠯᠳᠡ ᠶᠢᠨ ᠲᠠᠯᠠᠪᠤᠷ ᠭᠠᠵᠠᠷ︾ ᠢ 1206 ᠪᠠᠶᠢᠴᠠᠭᠠᠨ ᠰᠢᠢᠳᠪᠦᠷᠢᠯᠡᠵᠦ᠂ 5.89 ᠲᠦᠮᠡᠨ ︽ᠲᠤᠭᠳᠠᠭᠠᠯ ᠳᠤ ᠨᠡᠶᠢᠴᠡᠬᠦ ᠦᠭᠡᠢ ᠯᠣᠩᠬᠤ︾ ᠶᠢ ᠪᠠᠶᠢᠴᠠᠭᠠᠨ ᠪᠢᠲᠡᠭᠦᠮᠵᠢᠯᠡᠪᠡ᠃ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠶᠢ ᠢᠯᠡᠴᠢᠯᠡᠬᠦ ᠶᠢ ᠴᠢᠩᠭᠠᠳᠬᠠᠵᠤ᠂ ᠰᠦᠷᠳᠡᠭᠦᠯᠬᠦ ᠦᠢᠯᠡᠳᠦᠯ ᠢ ᠴᠢᠩᠭᠠᠳᠬᠠᠬᠤ ᠶᠢᠨ ᠲᠥᠯᠥᠭᠡ᠂ ᠲᠣᠰ ᠲᠤᠰᠬᠠᠢ ᠪᠤᠯᠤᠩ ᠳᠤ ᠡᠯ᠎ᠡ ᠭᠠᠵᠠᠷ ᠤᠨ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠯᠭᠠᠭ᠎ᠠ ᠪᠠᠷ ᠨᠡᠶᠢᠲᠡᠯᠡᠬᠦ ᠪᠣᠯᠣᠨ᠎ᠠ᠃       ᠬᠠᠨᠳᠠᠨ ᠬᠤᠳᠠ ᠶᠢᠨ ᠨᠢᠭᠡᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠡᠪᠳᠡᠵᠦ ᠰᠦᠢᠳᠬᠡᠭᠰᠡᠨ ᠬᠡᠷᠡᠭ       ᠾᠧᠪᠧᠢ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠡᠯᠡᠭᠰᠡᠨ ᠢᠶᠠᠷ᠂ ᠬᠠᠨᠳᠠᠨ ᠬᠤᠲᠠ ᠶᠢᠨ ᠨᠢᠭᠡᠨ ᠺᠣᠮᠫᠠᠨᠢ ᠹᠦ᠋ ᠰᠢᠩ ᠲᠣᠭᠤᠷᠢᠭ ᠤᠨ ᠪᠠᠷᠢᠯᠭ᠎ᠠ  ᠶᠢᠨ ᠠᠵᠢᠯ ᠤᠨ ᠳᠤᠮᠳᠠ ᠰᠢᠳᠠᠮᠠᠬᠠᠢ ᠬᠡᠢ ᠶᠢᠨ ᠬᠤᠭᠤᠯᠠᠢ ᠶᠢ ᠡᠪᠳᠡᠨ ᠰᠦᠢᠳᠬᠡᠭᠰᠡᠨ ᠠᠴᠠ ᠰᠢᠳᠠᠮᠠᠬᠠᠢ ᠬᠡᠢ ᠶᠢᠨ ᠯᠠᠪᠠᠷᠠᠭᠰᠠᠨ ᠬᠡᠷᠡᠭ ᠭᠠᠷᠭᠠᠵᠠᠢ᠃       ᠲᠣᠰ ᠠᠵᠢᠯᠯᠠᠭ᠎ᠠ ᠨᠢ ︽ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ  ᠵᠤᠷᠪᠤᠰ ᠤᠨ ᠲᠣᠭᠲᠠᠭᠠᠯ ᠢ ᠵᠥᠷᠢᠴᠡᠭᠰᠡᠨ ᠪᠠᠶᠢᠨ᠎ᠠ᠃ ︽ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠵᠦ᠂ ᠬᠠᠨᠳᠠᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠣᠰ ᠺᠣᠮᠫᠠᠨᠢ ᠳᠤ 6.5 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠭᠡᠯ ᠥᠭᠪᠡ᠃ ᠢ ᠴᠠᠩ ᠬᠤᠳᠠ ᠶᠢᠨ ᠰᠢᠲᠠᠮᠠᠬᠠᠢ ᠬᠡᠢ ᠶᠢᠨ ᠺᠣᠮᠫᠠᠨᠢ ᠶᠢᠨ ᠠᠮᠤᠷ ᠲᠦᠪᠰᠢᠨ ᠤ ᠠᠳᠡᠯ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠭᠰᠠᠨ ᠦᠭᠡᠢ ᠬᠡᠷᠡᠭ       ᠬᠤᠪᠧᠢ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠭᠰᠡᠨ ᠢᠶᠠᠷ᠂ ᠢᠴᠠᠩ ᠬᠤᠲᠠ ᠶᠢᠨ ᠦ᠋ ᠵᠢᠶᠠ ᠭᠠᠩ ᠲᠣᠭᠤᠷᠢᠭ ᠤᠨ ᠶᠢᠨ ᠬᠥ᠋ ᠤᠷᠤᠨ ᠰᠠᠭᠤᠴᠠ ᠶᠢᠨ ᠲᠣᠭᠤᠷᠢᠭ ᠤᠨ ᠨᠢᠭᠡᠨ ᠬᠡᠷᠡᠭᠯᠡᠭᠴᠢ ᠭᠡᠷ ᠲᠤᠳᠤᠷᠠᠬᠢ ᠰᠢᠳᠠᠮᠠᠬᠠᠢ ᠬᠡᠢ ᠯᠠᠪᠠᠷᠠᠵᠦ ᠪᠠᠶᠢᠬᠤ ᠶᠢ ᠣᠯᠵᠤ ᠮᠡᠳᠡᠭᠡᠳ᠂ ᠬᠤᠯᠪᠣᠭᠳᠠᠯ ᠪᠦᠬᠦᠢ ᠪᠠᠶᠢᠳᠠᠯ ᠢ ᠰᠢᠳᠠᠮᠠᠬᠠᠢ ᠬᠡᠢ ᠶᠢᠨ ᠺᠤᠮᠫᠠᠨᠢ ᠳᠤ ᠤᠲᠠᠰᠤ ᠪᠠᠷ ᠲᠤᠰᠬᠠᠭᠰᠠᠨ ᠳᠤ᠂ ᠰᠢᠲᠠᠮᠠᠬᠠᠢ ᠬᠡᠢ ᠶᠢᠨ ᠺᠣᠮᠫᠠᠨᠢ ᠴᠠᠭ ᠲᠤᠬᠠᠢ ᠳᠤᠨᠢ ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠦᠭᠡᠢ᠃       ︽ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠤᠨ ᠳᠥᠴᠢᠨ ᠨᠠᠢᠮᠠᠳᠤᠭᠠᠷ ᠵᠦᠢᠯ ᠢ ᠦᠨᠳᠦᠰᠦᠯᠡᠨ᠂ ᠢᠴᠠᠩ ᠬᠤᠲᠠ ᠶᠢᠨ ᠣᠷᠣᠨ ᠰᠠᠭᠤᠴᠠ ᠪᠠ ᠬᠤᠲᠠ ᠶᠢᠨ ᠰᠢᠨᠡᠴᠢᠯᠡᠯᠲᠡ ᠶᠢᠨ ᠲᠣᠪᠴᠢᠶ᠎ᠠ ᠠᠴᠠ ᠲᠣᠰ ᠰᠢᠲᠠᠮᠠᠬᠠᠢ ᠬᠡᠢ ᠶᠢᠨ ᠺᠣᠮᠫᠠᠨᠢ ᠳᠤ 3 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠭᠡᠯ ᠥᠭᠪᠡ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1